| | | ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ | ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ᠂ ᠠᠷᠠᠳ ᠲᠦᠮᠡᠨ ᠢᠶᠠᠷ ᠭᠤᠣᠯ ᠪᠣᠯᠭᠠᠬᠤ ᠦᠢᠯᠡᠴᠢᠯᠡᠭᠡᠨ ᠤ ᠦᠵᠡᠯ | ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠢᠷᠭᠡᠳ ᠲᠤ ᠦᠨᠡᠨᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ | ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠦ᠂ ᠣᠯᠣᠰ ᠤᠨ ︽2022 ᠣᠨ ᠤ ︿ᠠᠷᠠᠳ ᠢᠷᠭᠡᠳ ᠤᠨ | ᠡᠷᠡᠭᠦᠯ ᠮᠡᠨᠳᠦ ᠳᠤ ᠦᠢᠯᠡᠴᠢᠯᠡᠬᠦ ᠠᠵᠢᠯᠯᠠᠭ᠎ᠠ ﹀ ᠪᠦᠬᠦ ᠤᠯᠤᠰ ᠤᠨ ᠲᠣᠮᠣ ᠬᠡᠯᠪᠡᠷᠢ ᠶᠢᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠶᠢᠨ ᠭᠠᠷᠠᠭ ᠤᠨ ᠬᠡᠷᠡᠭᠵᠢᠭᠦᠯᠬᠦ ᠲᠥᠰᠦᠯ︾ ᠪᠠ ᠡᠮᠨᠡᠯᠭᠡ ᠶᠢᠨ ᠬᠤᠷᠢᠶ᠎ᠠ ︽ ︿ᠲᠤᠰᠬᠠᠶ | ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ | ᠤᠨ ᠵᠣᠷᠢᠭ ᠰᠠᠨᠠᠭ᠎ᠠ ᠶᠢ ᠦᠨᠳᠦᠰᠦᠯᠡᠨ᠂ 9 ᠰᠠᠷ᠎ᠠ ᠶᠢᠨ 15 ᠤ ᠡᠳᠦᠷ᠂ ᠮᠠᠨ ᠤ ᠬᠤᠷᠢᠶᠠᠨ ᠤ ᠨᠠᠮ ᠤᠨ ᠡᠭᠦᠷ | ᠡᠮᠴᠢᠯᠡᠭᠡᠨ ᠤ ᠠᠩᠬᠢ ᠶᠢᠨ ᠲᠤᠰᠬᠠᠢ ᠮᠡᠷᠭᠡᠵᠢᠯᠲᠡᠨ ᠪᠣᠯᠤᠨ ᠠᠵᠢᠯᠲᠠᠳ ᠢ ᠵᠣᠬᠢᠶᠠᠨ ᠪᠠᠶᠢᠭᠤᠯᠵᠤ ᠤᠰᠤᠲᠤ ᠶᠢᠨ | ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠪᠠ ᠪᠠᠶᠠᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ︽ | ᠠᠷᠠᠳ ᠤᠯᠠᠨ ᠤ ᠡᠷᠡᠭᠦᠯ ᠮᠡᠨᠳᠦ ᠳᠤ ᠦᠢᠯᠡᠴᠢᠯᠡᠬᠦ ᠠᠵᠢᠯᠯᠠᠭ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠥᠷᠨᠢᠭᠦᠯᠪᠡ᠃ | | | | | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤᠮᠳᠠ᠂ ᠡᠮᠨᠡᠯᠭᠡ ᠶᠢᠨ ᠠᠵᠢᠯᠲᠠᠳ ᠡᠮᠨᠡᠭᠦᠯᠬᠦ ᠪᠠᠷ ᠢᠷᠡᠭᠰᠡᠨ | ᠲᠣᠰᠬᠤᠨ ᠤ ᠠᠷᠠᠳ ᠪᠦᠬᠦᠨ ᠢ ᠬᠠᠯᠠᠭᠤᠨ ᠢᠶᠠᠷ ᠬᠦᠯᠢᠶᠡᠨ ᠠᠪᠴᠤ᠂ ᠡᠮᠴᠢᠯᠡᠭᠡᠨ ᠤ ᠲᠤᠰᠬᠠᠶ ᠮᠡᠷᠭᠡᠵᠢᠯ ᠤᠨ | ᠳᠠᠪᠠᠭᠤᠯᠢᠭ ᠢ ᠪᠠᠳᠠᠷᠠᠭᠤᠯᠵᠦ᠂ ᠭᠠᠴᠠᠭᠠᠨ ᠤ ᠠᠷᠠᠳ ᠲᠤ ᠴᠢᠰᠤᠨ ᠳᠠᠷᠤᠯᠲᠠ᠂ ᠵᠢᠷᠦᠬᠡᠨ ᠤ ᠯᠤᠭᠰᠢᠯᠲᠠ ᠶᠢᠨ | ᠵᠢᠷᠤᠭ᠂ B ᠬᠡᠳᠦ ᠳᠣᠯᠭᠢᠶᠠᠨ ᠵᠡᠷᠭᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠦᠨ᠎ᠡ ᠲᠥᠯᠥᠪᠦᠷᠢ ᠦᠭᠡᠢ ᠪᠠᠷ | ᠬᠠᠩᠭᠠᠵᠤ᠂ ᠭᠠᠴᠠᠭᠠᠨ ᠤ ᠠᠷᠠᠳ ᠤᠨ ᠡᠪᠡᠳᠴᠢᠨ ᠤ ᠲᠡᠦᠬᠡ ᠶᠢ ᠨᠠᠷᠢᠨ ᠠᠰᠠᠭᠤᠨ ᠯᠠᠪᠯᠠᠵᠤ᠂ ᠡᠪᠡᠳᠴᠢᠨ ᠤ | ᠪᠠᠶᠢᠳᠠᠯ ᠢ ᠣᠶᠢᠯᠠᠭᠠᠵᠤ᠂ ᠣᠯᠠᠨ ᠲᠦᠮᠡᠨ ᠨᠢᠭᠡᠪᠦᠷᠢ ᠶᠢᠨ ᠪᠡᠶ᠎ᠡ ᠶᠢᠨ ᠪᠠᠶᠢᠳᠠᠯ ᠢ ᠦᠨᠳᠦᠰᠦᠯᠡᠨ ᠬᠦᠯᠢᠴᠡᠩᠭᠦᠶ ᠪᠠᠷ | ᠨᠠᠷᠢᠨ ᠲᠣᠳᠣᠷᠬᠠᠶ ᠬᠠᠷᠢᠭᠤᠯᠲᠠ ᠥᠭᠴᠦ᠂ ᠵᠦᠢ ᠵᠣᠬᠢᠰᠲᠠᠶ ᠡᠮᠴᠢᠯᠡᠭᠡ ᠪᠠ ᠡᠷᠡᠭᠦᠯ ᠮᠡᠨᠳᠦ ᠶᠢᠨ | ᠵᠢᠯᠣᠭᠤᠳᠣᠯᠭ᠎ᠠ ᠶᠢ ᠳᠤᠷᠠᠳᠤᠨ ᠭᠠᠷᠭᠠᠭᠰᠠᠨ ᠪᠥᠭᠡᠳ ᠭᠠᠴᠠᠭᠠᠨ ᠤ ᠠᠷᠠᠳ ᠤᠨ ᠡᠳᠦᠷ ᠲᠤᠲᠤᠮ ᠤᠨ ᠡᠷᠡᠭᠦᠯᠵᠢᠯ᠂ | ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠪᠠᠶᠢᠩᠭᠤ | ᠬᠡᠷᠡᠭᠯᠡᠬᠦ ᠡᠮ ᠢ ᠤᠤᠭᠤᠬᠤ ᠵᠡᠷᠭᠡ ᠲᠠᠯ᠎ᠠ ᠳᠤ ᠵᠢᠯᠣᠭᠤᠳᠣᠯᠭ᠎ᠠ ᠬᠢᠭᠰᠡᠨ ᠪᠠᠶᠢᠨ᠎ᠠ᠃ | | | | | | | | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠡᠷᠡᠭᠴᠡᠭᠡ ᠱᠠᠭᠠᠷᠳᠠᠯᠭ᠎ᠠ ᠲᠠᠢ | ᠬᠠᠮᠲᠤᠯᠢᠭ ᠲᠤ ᠬᠠᠮᠤᠭ ᠤᠨ ᠰᠢᠭᠤᠳ ᠬᠠᠪᠰᠤᠷᠤᠯᠭ᠎ᠠ ᠦᠵᠡᠭᠦᠯᠵᠦ᠂ ᠠᠷᠠᠳ ᠲᠤ ᠲᠥᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠵᠣᠷᠢᠯᠭ᠎ᠠ ᠳᠤ ᠦᠨᠡᠨ ᠬᠦ ᠭᠦᠷᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ | ᠪᠢᠳᠡ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠳᠠᠯᠢ ᠪᠤᠰᠤ ᠬᠡᠯᠪᠡᠷᠢ ᠶᠢᠨ ᠤᠨᠴᠠᠯᠢᠬᠳᠤ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠬᠠᠮᠤᠭ ᠤᠨ | ᠡᠴᠦᠰ ᠤᠨ ᠨᠢᠭᠡ ᠺᠢᠯᠣᠮᠧᠲᠷ ᠢ ᠦᠨᠡᠨ ᠬᠦ ᠨᠡᠪᠲᠡᠷᠡᠭᠦᠯᠦᠨ᠎ᠡ᠃ | | ᠵᠣᠬᠢᠶ᠋ᠬᠠᠴᠢ᠄ ᠴᠠᠩ ᠷᠦᠨ ᠰᠢᠶᠠ | ᠣᠷᠴᠢᠭᠤᠯᠣᠨᠨᠴᠢ᠄ ᠭᠧ ᠲᠣᠸᠠᠨ ᠯᠢᠶᠡᠨ | | | |