ᠦᠪᠡᠷᠳᠡᠬᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠹᠦ᠋ ᠷᠦᠢ ᠹᠧᠩ ᠨᠡᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠳᠡᠳ ᠮᠣᠩᠭᠤᠯ ᠡᠮᠨᠡᠯᠭᠡ ᠶᠢᠨ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2022/9/20
     

    9 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂

ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠹᠦ᠋ ᠷᠦᠢ ᠹᠧᠩ᠂ ᠬᠢᠲᠠᠳ ᠡᠮᠨᠡᠯᠭᠡ ᠶᠢᠨ

ᠬᠤᠷᠢᠶ᠎ᠠ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠭᠠᠵᠠᠷ ᠤᠨ ᠲᠠᠷᠤᠭ᠎ᠠ ᠱᠢ ᠬᠠᠶ ᠶᠠᠨ᠂ ᠬᠢᠲᠠᠳ

ᠡᠮᠨᠡᠯᠭᠡ ᠶᠢᠨ ᠬᠤᠷᠢᠶ᠎ᠠ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠬᠤᠤ

ᠰᠢᠶᠤᠤ ᠶᠢᠨ ᠨᠡᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠳᠡᠳ ᠮᠣᠩᠭᠤᠯ ᠡᠮᠨᠡᠯᠭᠡ ᠶᠢᠨ

ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠤᠯᠠᠭᠠᠨᠴᠠᠪ ᠬᠤᠲᠠ ᠶᠢᠨ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠬᠥ᠋ ᠵᠢᠤᠢ ᠯᠦᠩ᠂ ᠳᠡᠳ᠋ ᠡᠷᠬᠢᠯᠡᠭᠴᠢ ᠵᠠᠩ ᠶᠢᠩ ᠵᠢᠶᠦ᠋ᠨ

᠂ ᠮᠣᠩᠭᠤᠯ ᠬᠢᠲᠠᠳ ᠡᠮᠨᠡᠯᠭᠡ ᠶᠢᠨ ᠰᠠᠯᠠᠭᠠᠨ ᠤ ᠳᠠᠷᠤᠭ᠎ᠠ ᠵᠢᠶᠠ ᠰᠢᠤᠸᠠᠢ ᠪᠢᠨ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ

ᠶᠠᠩ ᠯᠢ ᠮᠧᠶ᠂ ᠳᠡᠳ᠋ ᠬᠤᠰᠢᠭᠤᠨ ᠳᠠᠷᠤᠭ᠎ᠠ ᠭᠤᠤ ᠳ᠋ᠦᠩ ᠮᠧᠶ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ

ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠵᠢᠴᠢ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ

ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠢᠳᠡᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ

ᠡᠮᠨᠡᠯᠭᠡ᠂ ᠮᠣᠩᠭᠤᠯ ᠡᠮᠨᠡᠯᠭᠡ ᠶᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠥᠬᠦᠯᠢᠭᠲᠦ

ᠡᠮ ᠤᠨ ᠥᠷᠥᠭᠡ᠂ ᠬᠢᠲᠠᠳ ᠡᠮ ᠤᠨ ᠥᠷᠥᠭᠡ᠂ ᠡᠮ ᠴᠢᠨᠠᠬᠤ ᠥᠷᠥᠭᠡ᠂ ᠵᠡᠭᠦᠤ ᠲᠥᠭᠡᠨᠡᠯᠭᠡ ᠶᠢᠨ ᠰᠠᠯᠠᠭ᠎ᠠ᠂

ᠮᠣᠩᠭᠤᠯ ᠡᠮᠨᠡᠯᠭᠡ ᠶᠢᠨ ᠡᠮ ᠤᠨ ᠤᠬᠢᠶᠠᠯᠭ᠎ᠠ ᠶᠢᠨ ᠥᠷᠥᠭᠡ᠂ ᠨᠠᠰᠤᠲᠠᠶᠢᠴᠤᠳ ᠤᠨ ᠡᠮᠨᠡᠯᠭᠡ ᠶᠢᠨ ᠰᠠᠯᠠᠭ᠎ᠠ ᠵᠢᠴᠢ

ᠬᠢᠳᠡᠳ ᠮᠣᠩᠭᠤᠯ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠭᠤᠤᠯᠳᠠᠯᠭ᠎ᠠ ᠲᠠᠢ

ᠪᠠᠶᠢᠴᠠᠭᠠᠨ ᠦᠵᠡᠵᠦ᠂  ᠬᠢᠳᠡᠳ ᠮᠣᠩᠭᠤᠯ ᠡᠮᠨᠡᠯᠭᠡ ᠶᠢᠨ ᠬᠤᠷᠢᠶᠠᠨ ᠤ ᠲᠠᠷᠠᠭᠠᠴᠢ ᠶᠢᠨ ᠠᠯᠬᠤᠮ ᠤᠨ ᠠᠵᠢᠯ ᠳᠤ

ᠪᠣᠳᠠᠲᠠᠶ ᠰᠠᠨᠠᠯ ᠰᠠᠨᠠᠭᠤᠯᠭ᠎ᠠ ᠳᠤᠷᠠᠳᠴᠠᠶ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂  ᠬᠢᠳᠡᠳ ᠮᠣᠩᠭᠤᠯ ᠡᠮᠨᠡᠯᠭᠡ ᠶᠢᠨ

ᠬᠤᠷᠢᠶ᠎ᠠ ᠲᠤᠰ ᠪᠡᠶ᠎ᠡ ᠶᠢᠨ ᠥᠭᠡᠷᠡᠴᠢᠯᠡᠯᠲᠡ᠂ ᠰᠢᠨ᠎ᠡ ᠡᠭᠦᠳᠦᠯᠲᠡ᠂ ᠬᠥᠭᠵᠢᠯᠲᠡ ᠪᠠ ᠪᠦᠲᠦᠭᠡᠨ

ᠪᠠᠶᠢᠭᠤᠯᠤᠯᠲᠠ ᠪᠠᠨ ᠲᠦᠷᠭᠡᠳᠬᠡᠵᠦ᠂ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠪᠠ ᠠᠵᠢᠯ ᠲᠥᠷᠥᠯ ᠤᠨ

ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ

ᠲᠠᠯ᠎ᠠ ᠪᠠᠷ ᠲᠡᠭᠡᠭᠰᠢᠯᠡᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ

ᠰᠢᠢᠳᠪᠦᠷᠢᠯᠡᠬᠦ ᠴᠢᠳᠠᠪᠤᠷᠢ ᠶᠢ ᠦᠨᠡᠨᠬᠦ ᠴᠢᠩᠭᠠᠷᠠᠭᠤᠯᠵᠤ᠂ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ

ᠬᠠᠮᠢᠶᠠᠷᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ

ᠴᠢᠩᠭᠠᠷᠠᠭᠤᠯᠤᠨ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠣᠨᠴᠠᠯᠢᠠᠠᠳᠣ ᠴᠢᠳᠠᠪᠤᠷᠢᠲᠠᠨ ᠢ

ᠬᠥᠮᠦᠵᠢᠭᠦᠯᠬᠦ ᠶᠢ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ ᠪᠠ ᠮᠡᠳᠡᠭᠡ

ᠵᠠᠩᠭᠢᠵᠢᠯᠲᠠ ᠶᠢᠨ ᠪᠠᠶᠢᠭᠤᠯᠤᠯᠲᠠ ᠶᠢᠨ ᠡᠭᠦᠷᠭᠡ ᠶᠢ ᠢᠳᠡᠪᠬᠢᠲᠡᠶ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ

ᠣᠨᠴᠠᠯᠢᠠᠠᠳᠣ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠤᠨ᠂ ᠡᠮᠨᠡᠯᠭᠡ ᠶᠢᠨ ᠬᠤᠷᠢᠶ᠎ᠠ ᠶᠢᠨ ᠲᠦᠷᠭᠡᠨ

ᠬᠥᠭᠵᠢᠬᠦ ᠶᠢ ᠠᠬᠢᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ

ᠦᠢᠯᠡᠴᠢᠯᠡᠬᠡᠨ ᠤ ᠱᠠᠭᠠᠷᠳᠠᠯᠭ᠎ᠠ ᠶᠢ ᠬᠠᠩᠭᠠᠨ᠎ᠠ᠃

   

             ᠵᠢᠷᠤᠭ ᠰᠡᠬᠦᠳᠡᠷ᠄ ᠵᠠᠩ ᠰᠢᠤᠸᠠᠢ ᠯᠢᠶᠠᠩ

             ᠵᠣᠬᠢᠶ᠋ᠬᠠᠴᠢ᠄  ᠴᠠᠩ ᠷᠦᠨ ᠰᠢᠶᠠ

             ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号