| 9 ᠰᠠᠷ᠎ᠠ ᠶᠢᠨ 20 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠹᠦ᠋ ᠬᠠᠶ ᠴᠢᠩ ᠥᠪᠡᠷᠲᠡᠭᠡᠨ ᠵᠠᠰᠠᠬᠤ ᠣᠷᠣᠨ ᠳᠤ | ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ᠂ ᠪᠥᠬᠦ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ ᠲᠥᠪᠯᠡᠷᠡᠩᠭᠦᠶ ᠪᠠᠶᠢᠴᠠᠭᠠᠯᠲᠠ ᠬᠢᠪᠠ᠃ | | | | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠰᠠᠢ ᠯᠧ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠬᠦᠭᠡᠪᠦᠷ ᠪᠠᠯᠭᠠᠰᠤᠨ ᠤ ᠷᠦ᠋ ᠴᠢᠣᠸᠠᠨ ᠲᠣᠰᠬᠤᠨ᠂ | ᠪᠧᠨ ᠲᠧᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ | ᠭᠠᠵᠠᠷ ᠲᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ | ᠲᠤᠬᠠᠶ ᠶᠢᠨ ᠭᠠᠵᠠᠷ ᠤᠨ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠵᠤ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ᠂ | ᠬᠥᠮᠦᠨ ᠨᠡᠶᠢᠭᠡᠮ ᠤᠨ ᠲᠡᠤᠬᠡ ᠵᠡᠷᠭᠡ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ | ᠣᠶᠢᠯᠠᠭᠠᠪᠠ᠃ | | | | | ᠰᠢᠨᠵᠢᠯᠡᠨ ᠪᠠᠶᠢᠴᠠᠭᠠᠬᠤ ᠳᠤᠭᠤᠶᠢᠯᠠᠩ ᠪᠧᠨ ᠲᠧᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠡᠯ ᠢ ᠰᠢᠨᠵᠢᠯᠡᠨ ᠪᠠᠶᠢᠴᠠᠭᠠᠪᠠ᠃ ᠺᠠᠩ ᠢᠦᠢ ᠰᠡᠭᠦᠳᠡᠷᠯᠡᠪᠡ | | | | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠢᠶᠤᠤ ᠪᠸᠢ ᠶᠢᠩ ᠲᠣᠰᠬᠤᠨ ᠳᠤ ᠢᠵᠢ ᠪᠦᠷᠢᠳᠦᠭᠰᠡᠨ | ᠪᠤᠰᠤ ᠥᠭᠡᠷᠡᠴᠢᠯᠡᠯᠲᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ | ᠪᠠᠶᠢᠴᠠᠭᠠᠪᠠ᠃ ᠺᠠᠩ ᠢᠦᠢ ᠰᠡᠭᠦᠳᠡᠷᠯᠡᠪᠡ | ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ | ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠣᠯᠤᠭᠰᠠᠨ ᠢᠯᠡᠳᠲᠡ ᠦᠷ᠎ᠡ ᠪᠦᠲᠦᠮᠵᠢ ᠶᠢ | ᠭᠦᠢᠴᠡᠳ ᠨᠤᠲᠠᠯᠠᠵᠠᠶ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠠᠶᠢᠴᠠᠭᠠᠨ ᠦᠵᠡᠬᠦ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠵᠤ ᠰᠣᠨᠣᠰᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ | ᠬᠢᠳᠡᠯ ᠢ ᠠᠪᠠᠴᠢᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠨ᠎ᠡ ᠭᠡᠵᠡᠶ᠃ ᠡᠭᠦᠨ ᠤ ᠵᠡᠷᠭᠡ ᠳᠤ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ᠂ | ᠲᠡᠷᠢᠭᠦᠨ ᠤ ᠬᠢ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠬᠥᠭᠵᠢᠯᠲᠡ ᠶᠢᠨ ᠬᠤᠰᠢᠭᠤᠴᠢ ᠪᠣᠯᠵᠣ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠣᠯ ᠢ ᠤᠯᠠᠮ ᠨᠢᠭᠡ ᠠᠯᠬᠤᠮ | ᠰᠠᠶᠢᠲᠤᠷ ᠪᠠᠳᠠᠷᠠᠭᠤᠯᠤᠨ᠂ ᠠᠷᠠᠳ ᠤᠨ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠰᠠᠨᠠᠭ᠎ᠠ ᠶᠢ | ᠴᠤᠭᠯᠠᠭᠤᠯᠤᠨ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠵᠤ᠂ ᠤᠯᠠᠭᠠᠨᠴᠠᠪ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ | ᠢᠯᠡᠳᠭᠡᠪᠡ᠃ | ᠬᠤᠰᠢᠭᠤᠨ ᠤ ᠤᠳᠤᠷᠢᠳᠤᠯᠭ᠎ᠠ ᠯᠢ ᠪᠢᠨ᠂ ᠸᠠᠩ ᠯᠢᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | | |