ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ︽ᠶᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠳᠡᠭᠡᠷ᠎ᠡ ᠬᠡᠯᠡᠭᠰᠡᠨ  ᠶᠠᠷᠢᠶ᠎ᠠ ︾ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2022/9/21
    9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ︽ᠬᠤᠶᠠᠷ ᠢ ᠰᠤᠷᠤᠯᠴᠠᠵᠤ ᠨᠢᠭᠡᠨ ᠭᠢᠷᠢ  ᠲᠡᠩᠴᠩᠰᠡᠨ ᠨᠠᠮ ᠤᠨ ᠭᠡᠰᠢᠭᠦᠨ ᠪᠤᠯᠠᠬᠤ︾ ᠪᠠᠶᠢᠩᠭᠤᠵᠢᠭᠤᠯᠬᠤ ᠳᠦᠷᠢᠮᠵᠢᠭᠦᠯᠬᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ  ᠸᠧᠨ ᠱᠤᠸᠠᠨ ᠨᠥᠬᠦᠷ ᠣᠯᠠᠨ ᠢ ᠳᠠᠭᠠᠭᠤᠯᠤᠨ ︽‍ᠡᠷᠦᠩᠬᠡᠶ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠳᠡᠭᠡᠷ᠎ᠡ ᠬᠡᠯᠡᠭᠰᠡᠨ ᠶᠠᠷᠢᠶ᠎ᠠ︾ ᠶᠢ ᠲᠥᠪᠯᠡᠷᠡᠭᠦᠯᠦᠨ ᠰᠤᠷᠤᠯᠴᠠᠵᠤ᠂ ᠠᠵᠢᠯ ᠳᠤ ᠪᠠᠶᠢᠭ᠎ᠠ ᠪᠥᠬᠦ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠬᠤᠷᠠᠯ ᠳᠤ ᠣᠷᠣᠯᠴᠠᠪᠠ᠃

     ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠣᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠥᠨ᠂

ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ

ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠡᠭᠦᠷᠭᠡ ᠮᠥᠨ᠃

ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ

ᠲᠣᠭᠤᠰᠢᠯᠠᠭᠤᠯᠵᠦ᠂ ᠡᠬᠢ ᠪᠠᠶᠠᠯᠢᠭ ᠢ ᠠᠷᠪᠢᠯᠠᠬᠤ ᠶᠠᠪᠤᠳᠠᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ

ᠶᠠᠪᠤᠴᠠ᠂ ᠡᠯ᠎ᠡ ᠬᠦᠷᠢᠶᠡᠨ ᠳᠤ ᠲᠣᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠶ᠃ ᠪᠦᠬᠦ ᠠᠷᠠᠳ ᠢᠶᠠᠷ ᠢᠶᠠᠨ

ᠠᠷᠪᠢᠯᠠᠨ ᠭᠠᠮᠨᠠᠬᠤ ᠦᠵᠡᠯ ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ

ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂  

ᠪᠦᠷᠢᠯᠭᠡᠬᠦ ᠪᠠ ᠬᠡᠳᠦ ᠬᠡᠷᠡᠭᠯᠡᠬᠦ ᠶᠢ ᠡᠰᠡᠷᠭᠦᠴᠡᠵᠦ᠂ ᠪᠦᠬᠦ ᠠᠷᠠᠳ ᠢᠶᠠᠷ ᠢᠶᠠᠨ ᠠᠷᠪᠢᠯᠠᠨ ᠭᠠᠮᠨᠠᠬᠤ ᠶᠢ ᠡᠷᠬᠢᠮᠯᠡᠬᠦ

ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠡᠢ᠃

               

               ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

              ᠤᠷᠴᠢᠭᠤᠯᠤᠭᠴᠢ  ᠄  ᠬᠠᠶᠢᠷᠬᠠᠨ

 
ᠢᠷᠡᠯᠲᠡ᠄ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号