| | | | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠨᠠᠮ ᠤᠨ ᠡᠭᠦᠷ ᠤᠨ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠵᠤ ᠴᠢᠩᠭ᠎ᠠ | ᠲᠣᠬᠢᠷᠠᠭᠤᠯᠤᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ︾ ︵ᠲᠤᠷᠰᠢᠨ ᠬᠡᠷᠡᠭᠵᠢᠭᠦᠯᠬᠦ︶᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠨᠠᠮ ᠪᠠ ᠲᠥᠷᠥ ᠶᠢᠨ ᠪᠠᠶᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷ ᠬᠡᠷᠡᠭᠵᠢᠭᠦᠯᠬᠦ ᠳᠦᠷᠢᠮ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠭᠤᠯᠤᠯᠭ᠎ᠠ ᠶᠢᠨ | ᠨᠠᠮ ᠤᠨ ᠡᠭᠦᠷ᠂ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠡᠭᠡ ᠬᠤᠷᠠᠯ ᠬᠢᠵᠦ᠂ ᠶᠡᠭᠡ | ᠬᠤᠷᠠᠯ ᠳᠤ ᠣᠷᠣᠯᠴᠠᠬᠤ ᠶᠣᠰᠣᠲᠠᠶ ᠰᠣᠩᠭᠤᠭᠤᠯᠢ ᠶᠢᠨ ᠡᠷᠬᠡ ᠲᠠᠢ ᠨᠠᠮ ᠤᠨ ᠭᠡᠰᠢᠭᠦᠨ 18 ᠬᠥᠮᠦᠨ᠂ | ᠰᠣᠩᠭᠤᠭᠤᠯᠢ ᠶᠢᠨ ᠡᠷᠬᠡ ᠲᠠᠢ ᠨᠠᠮ ᠤᠨ ᠭᠡᠰᠢᠭᠦᠨ 15 ᠬᠥᠮᠦᠨ᠃ ᠨᠠᠮ ᠤᠨ ᠭᠡᠰᠢᠭᠦᠨ ᠤ ᠬᠤᠷᠠᠯ ᠳᠤ | ᠣᠷᠣᠯᠴᠠᠭᠰᠠᠨ ᠬᠥᠮᠦᠨ ᠤ ᠲᠤᠭ᠎ᠠ ᠨᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠳᠠᠬᠢ ᠨᠠᠮ ᠤᠨ ᠭᠡᠰᠢᠭᠦᠨ ᠤ ᠶᠡᠭᠡ ᠬᠤᠷᠠᠯ ᠢ ᠬᠤᠷᠠᠯᠳᠤᠭᠤᠯᠬᠤ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠨ᠎ᠡ᠃ ᠬᠤᠷᠠᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠬᠠᠷᠢᠯᠴᠠᠭ᠎ᠠ | ᠵᠥᠭᠡᠭᠡᠪᠦᠷᠢ ᠶᠢᠨ ᠲᠤᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠰᠢᠨ᠎ᠡ ᠨᠢᠭᠡ ᠬᠤᠭᠤᠴᠠᠭᠠᠨ ᠤ | ᠬᠤᠷᠢᠶ᠎ᠠ ᠶᠢ ᠰᠣᠩᠭᠤᠨ ᠭᠠᠷᠭᠠᠵᠤ᠂ ᠸᠠᠩ ᠵᠢᠶᠦ᠋ᠨ᠂ ᠸᠠᠩ ᠶᠦᠩ᠂ ᠪᠠᠢ ᠯᠢ ᠹᠧᠩ᠂ ᠯᠢ ᠸᠧᠢ ᠱᠠᠨ᠂ ᠵᠠᠩ | ᠶᠦᠩ ᠨᠥᠬᠦᠷ ᠢᠶᠠᠷ ᠪᠦᠷᠢᠯᠳᠦᠵᠡᠢ᠃ ᠳᠠᠷᠠᠭ᠎ᠠ ᠨᠢ᠂ ᠰᠢᠨ᠎ᠡ ᠪᠠᠷ ᠰᠣᠩᠭᠤᠭᠳᠠᠭᠰᠠᠨ ᠪᠠᠶᠢᠭᠤᠯᠤᠯᠭ᠎ᠠ ᠶᠢᠨ ᠨᠠᠮ ᠤᠨ | ᠡᠭᠦᠷ ᠤᠨ ᠭᠡᠰᠢᠭᠦᠳ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠸᠠᠩ ᠵᠢᠶᠦ᠋ᠨ ᠨᠥᠬᠦᠷ ᠢ | ᠨᠠᠮ ᠤᠨ ᠡᠭᠦᠷ ᠤᠨ ᠱᠦᠵᠢ᠂ ᠸᠠᠩ ᠶᠦᠩ ᠨᠥᠬᠦᠷ ᠢ ᠨᠠᠮ ᠤᠨ ᠡᠭᠦᠷ ᠤᠨ ᠳᠡᠳ᠋ ᠱᠦᠵᠢ ᠪᠠᠷ ᠰᠣᠩᠭᠤᠭᠰᠠᠨ | ᠪᠥᠭᠡᠳ ᠠᠵᠢᠯ ᠢ ᠬᠤᠪᠢᠶᠠᠷᠢᠯᠠᠨ ᠵᠠᠩ ᠶᠦᠩ ᠨᠥᠬᠦᠷ ᠢ ᠵᠣᠬᠢᠶᠠᠨ ᠪᠠᠶᠢᠭᠤᠯᠬᠤ ᠭᠡᠰᠢᠭᠦᠨ ᠢᠶᠠᠷ ᠰᠣᠩᠭᠤᠵᠤ᠂ ᠪᠠᠢ | ᠯᠢ ᠹᠧᠩ ᠨᠥᠬᠦᠷ ᠢ ᠤᠬᠠᠭᠤᠯᠬᠤ ᠭᠡᠰᠢᠭᠦᠨ ᠢᠶᠠᠷ ᠲᠣᠮᠢᠯᠠᠵᠤ᠂ ᠯᠢ ᠸᠧᠢ ᠱᠠᠨ ᠨᠥᠬᠦᠷ ᠢ ᠰᠠᠬᠢᠯᠭ᠎ᠠ ᠪᠠᠲᠤ | ᠪᠠᠶᠢᠴᠠᠭᠠᠬᠤ ᠭᠡᠰᠢᠭᠦᠨ ᠢᠶᠠᠷ ᠰᠣᠩᠭᠤᠪᠠ᠃ | | | | | | | | ᠬᠤᠷᠠᠯ ᠤᠨ ᠡᠴᠦᠰ ᠲᠤ᠂ ᠰᠢᠨ᠎ᠡ ᠪᠠᠷ ᠲᠤᠰᠢᠶᠠᠯ ᠳᠤ ᠭᠠᠷᠤᠭᠰᠠᠨ ᠨᠠᠮ ᠤᠨ ᠡᠭᠦᠷ ᠤᠨ ᠱᠦᠵᠢ ᠸᠠᠩ | ᠵᠢᠶᠦ᠋ᠨ ᠨᠥᠬᠦᠷ ᠰᠢᠨ᠎ᠡ ᠨᠢᠭᠡ ᠬᠤᠭᠤᠴᠠᠭᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠢ | ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠂ ᠸᠠᠩ ᠵᠢᠶᠦ᠋ᠨ ᠶᠠᠷᠢᠶᠠᠨ ᠳᠠᠭᠠᠨ᠂ ᠨᠢᠭᠡ ᠳᠤ᠂ | ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠬᠡᠷᠡᠭᠲᠡᠢ᠃ ᠬᠤᠶᠠᠷ ᠲᠤ᠂ | ᠨᠠᠮᠴᠢ ᠴᠢᠨᠠᠷ ᠤᠨ ᠳᠠᠪᠲᠠᠯᠲᠠ ᠶᠢ ᠰᠤᠯᠠᠷᠠᠭᠤᠯᠤᠯ ᠦᠭᠡᠢ ᠴᠢᠩᠭᠠᠳᠬᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠴᠢᠳᠠᠪᠤᠷᠢ ᠪᠠ ᠤᠯᠤᠰ ᠲᠦᠷᠦ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ | ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ | ᠬᠡᠷᠡᠭᠲᠡᠢ᠃ ᠲᠦᠷᠪᠡ ᠳᠤ᠂ ᠰᠤᠷᠲᠠᠯ ᠤᠨ ᠬᠤᠪᠢᠷᠠᠭᠤᠯᠤᠯᠲᠠ ᠶᠢ ᠰᠤᠯᠠᠷᠠᠭᠤᠯᠤᠯ ᠦᠭᠡᠢ ᠠᠬᠢᠭᠤᠯᠬᠤ ᠶᠢ | ᠪᠠᠷᠢᠮᠲᠠᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠠᠵᠢᠯ ᠬᠢᠵᠦ ᠦᠢᠯᠡᠰ ᠪᠤᠰᠬᠠᠬᠤ ᠠᠭᠤᠷ | ᠠᠮᠢᠰᠬᠤᠯ ᠢ ᠭᠦᠨᠵᠡᠭᠡᠢ ᠪᠤᠢ ᠪᠣᠯᠭᠠᠬᠤ ᠬᠡᠷᠡᠭᠲᠡᠢ ᠭᠡᠵᠡᠢ᠃ | | | | | | ᠵ᠊ᠣᠬᠢᠶᠠᠭᠴᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠤᠷᠴᠢᠭᠤᠯᠤᠭᠴᠢ᠄ ᠬᠠᠶᠢᠷᠬᠠᠨ |