ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠦᠵᠡᠬᠦ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠲᠥᠪᠯᠡᠷᠡᠭᠦᠯᠦᠨ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/9/21
        9 ᠰᠠᠷ᠎ᠠ ᠶᠢᠨ 20 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠹᠦ᠋ ᠬᠠᠶ ᠴᠢᠩ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠲᠥᠪᠯᠡᠷᠡᠩᠭᠦᠶ ᠪᠠᠶᠢᠴᠠᠭᠠᠯᠲᠠ ᠬᠢᠪᠠ᠃

    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠰᠠᠢ ᠯᠧ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠬᠦᠭᠡᠪᠦᠷ ᠪᠠᠯᠭᠠᠰᠤᠨ ᠤ ᠷᠦ᠋ ᠴᠢᠣᠸᠠᠨ ᠲᠣᠰᠬᠤᠨ᠂  ᠪᠧᠨ ᠲᠧᠩ

ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂

ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ ᠲᠤᠬᠠᠶ ᠶᠢᠨ ᠭᠠᠵᠠᠷ ᠤᠨ

ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠵᠤ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠬᠤᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ᠂ ᠬᠥᠮᠦᠨ ᠨᠡᠶᠢᠭᠡᠮ ᠤᠨ ᠲᠡᠤᠬᠡ ᠵᠡᠷᠭᠡ

ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠪᠠ᠃

     ᠰᠢᠨᠵᠢᠯᠡᠨ ᠪᠠᠶᠢᠴᠠᠭᠠᠬᠤ ᠳᠤᠭᠤᠶᠢᠯᠠᠩ  ᠪᠧᠨ ᠲᠧᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢᠨ ᠪᠠᠶᠢᠳᠡᠯ ᠢ ᠰᠢᠨᠵᠢᠯᠡᠨ ᠪᠠᠶᠢᠴᠠᠭᠠᠪᠠ᠃ ᠺᠠᠩ ᠢᠦᠢ ᠰᠡᠭᠦᠳᠡᠷᠯᠡᠪᠡ

    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠢᠶᠤᠤ ᠪᠸᠢ ᠶᠢᠩ ᠲᠣᠰᠬᠤᠨ ᠳᠤ ᠢᠵᠢ ᠪᠦᠷᠢᠳᠦᠭᠰᠡᠨ ᠪᠤᠰᠤ

ᠥᠭᠡᠷᠡᠴᠢᠯᠡᠯᠲᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠺᠠᠩ

ᠢᠦᠢ ᠰᠡᠭᠦᠳᠡᠷᠯᠡᠪᠡ

     ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ

ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ

ᠨᠤᠲᠠᠯᠠᠵᠠᠶ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠠᠶᠢᠴᠠᠭᠠᠨ ᠦᠵᠡᠬᠦ ᠠᠵᠢᠯᠯᠠᠭ᠎ᠠ ᠪᠠᠷ ᠠᠵᠠ

ᠲᠣᠬᠢᠶᠠᠯ ᠪᠣᠯᠭᠠᠵᠤ᠂ ᠣᠯᠵᠤ ᠰᠣᠨᠣᠰᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠠᠪᠠᠴᠢᠵᠤ᠂ ᠰᠢᠶᠠᠨ ᠤ

ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃ ᠡᠭᠦᠨ ᠤ ᠵᠡᠷᠭᠡ ᠳᠤ

ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ᠂ ᠲᠡᠷᠢᠭᠦᠨ ᠤ ᠬᠢ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂

ᠬᠥᠭᠵᠢᠯᠲᠡ ᠶᠢᠨ ᠬᠤᠰᠢᠭᠤᠴᠢ ᠪᠣᠯᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ

ᠦᠢᠯᠡᠳᠣᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠤᠨ᠂ ᠠᠷᠠᠳ ᠤᠨ ᠰᠠᠨᠠᠯ ᠢ ᠥᠷᠭᠡᠨ ᠢᠶᠠᠷ ᠰᠣᠨᠣᠰᠴᠤ᠂

ᠠᠷᠠᠳ ᠤᠨ ᠰᠠᠨᠠᠭ᠎ᠠ ᠶᠢ ᠴᠤᠭᠯᠠᠭᠤᠯᠤᠨ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠵᠤ᠂ ᠤᠯᠠᠭᠠᠨᠴᠠᠪ ᠬᠤᠲᠠ ᠶᠢᠨ

ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ

ᠢᠯᠡᠳᠭᠡᠪᠡ᠃

       ᠬᠤᠰᠢᠭᠤᠨ ᠤ ᠤᠳᠤᠷᠢᠳᠤᠯᠭ᠎ᠠ ᠯᠢ ᠪᠢᠨ᠂ ᠸᠠᠩ ᠯᠢᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

       ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号