︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/27
                                       ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂  ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠣᠭᠠᠷᠠᠢ  ᠃      ︽ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾       ᠨᠢᠭᠡ᠂ ᠲᠤᠭᠤᠷᠪᠢᠨ ᠪᠢᠴᠢᠭᠰᠡᠨ ᠠᠬᠤᠶ ᠪᠠᠶᠢᠳᠠᠯ ᠪᠠ ᠶᠠᠪᠤᠴᠠ     ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ︵ᠳᠣᠷᠣᠭᠰᠢ ︽ᠶᠡᠷᠦᠩᠬᠡᠶ ᠲᠥᠰᠦᠯ︾ ᠭᠡᠵᠦ ᠲᠣᠪᠴᠢᠯᠠᠨ᠎ᠠ︶ ᠨᠢ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠬᠤ ᠳᠤ ᠴᠢᠬᠤᠯᠠ ᠦᠢᠯᠡᠳᠣᠯ ᠦᠵᠡᠭᠦᠯᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠣᠳᠣᠬᠠᠨ ᠤ ᠠᠵᠢᠯ ᠳᠤ ᠨᠢᠭᠡᠨᠲᠡ ᠵᠣᠬᠢᠴᠠᠬᠤ ᠥᠬᠡᠶ ᠪᠣᠯᠤᠭᠰᠠᠨ ᠪᠣᠯᠬᠤᠷ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃ ᠨᠢᠭᠡ ᠳᠤ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠶ ᠱᠠᠭᠠᠷᠳᠠᠯᠭ᠎ᠠ ᠲᠠᠯᠪᠢᠵᠤ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠴᠠᠭ ᠲᠤᠨᠢ ᠳᠣᠭᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ ᠬᠤᠶᠠᠷ ᠲᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠡᠭᠦᠰᠴᠦ᠂ ᠭᠡᠨᠡᠳᠲᠡ ᠶᠢᠨ ᠬᠡᠷᠡᠭ ᠢ ᠠᠷᠭᠠᠴᠠᠨ ᠵᠢᠯᠣᠭᠤᠳᠬᠤ ᠪᠠᠶᠢᠭᠤᠯᠤᠯ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠵᠢᠴᠢ ᠰᠠᠯᠠᠭ᠎ᠠ ᠮᠥᠴᠢᠷ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠳᠤ ᠬᠤᠪᠢᠷᠠᠯᠲᠠ ᠭᠠᠷᠪᠠ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠦᠢᠯᠡᠳᠣᠯᠭᠡ ᠶᠢᠨ ᠳᠤᠮᠳᠠ᠂ ︽ᠶᠡᠷᠦᠩᠬᠡᠶ ᠪᠡᠯᠡᠳᠬᠡᠯ ᠲᠥᠰᠦᠯ︾ ᠤᠨ ᠪᠠᠴᠢᠮ ᠪᠠᠶᠢᠳᠠᠯ ᠢ ᠠᠷᠭᠠᠴᠠᠬᠤ ᠳᠤ ᠲᠠᠭᠠᠬᠤ ᠲᠠᠰ ᠬᠤᠪᠢᠶᠠᠨ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠢᠰᠢ᠂ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠤᠨ ᠵᠣᠬᠢᠴᠠᠭᠤᠯᠬᠤ ᠠᠷᠭ᠎ᠠ ᠬᠡᠮᠵᠢᠶ᠎ᠡ ᠲᠡᠭᠦᠯᠳᠡᠷ ᠪᠤᠰᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠬᠥᠲᠥᠯᠪᠦᠷᠢ ᠶᠢᠨ ᠴᠢᠨᠠᠷᠲᠠᠶ  ᠦᠢᠯᠡᠳᠣᠯ ᠪᠠᠭᠤᠷᠠᠶ ᠪᠠᠶᠢᠬᠤ ᠵᠡᠷᠭᠡ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ ᠪᠠᠶᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠶᠡᠷᠦᠩᠬᠡᠶ ᠲᠥᠰᠦᠯ︾ ᠳᠤ ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠵᠤ᠂ ᠲᠠᠰ ᠳᠠᠷᠠᠭᠠᠯᠠᠯ ᠶᠣᠰᠣᠭᠠᠷ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠡᠷᠬᠡ ᠰᠦᠷᠲᠦ ᠲᠤᠰᠬᠠᠶ ᠮᠡᠷᠭᠡᠵᠢᠯᠲᠡᠨ ᠢ ᠤᠷᠢᠵᠤ ᠨᠤᠲᠠᠯᠠᠯᠲᠠ ᠬᠢᠯᠭᠡᠨ ᠪᠣᠭᠤᠮᠲᠠ ᠰᠠᠬᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃      ᠬᠤᠶᠡᠷ᠂ ᠡᠵᠡᠮᠳᠡᠬᠦ ᠭᠤᠣᠯ ᠵᠠᠷᠴᠢᠮ     ︽ᠶᠡᠷᠦᠩᠬᠡᠶ ᠲᠥᠰᠦᠯ︾ ᠳᠤ ᠵᠠᠰᠠᠪᠤᠷᠢ ᠣᠷᠣᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠦ᠂ ᠳᠣᠣᠷᠠᠬᠢ ᠵᠠᠷᠴᠢᠮ ᠤᠳ ᠢ ᠭᠤᠣᠯᠳᠠᠯᠭ᠎ᠠ ᠲᠠᠢ ᠡᠵᠡᠮᠰᠢᠪᠡ᠄ ᠨᠢᠭᠡ ᠳᠤ ︽ᠬᠤᠶᠠᠷ ᠢ ᠬᠠᠮᠠᠭᠠᠯᠠᠬᠤ︾ ᠶᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ ᠶᠢ ᠪᠠᠷᠢᠮᠲᠠᠯᠠᠵᠤ᠂ ᠨᠢᠭᠡᠳᠦᠯᠲᠡᠶ ᠵᠢᠯᠣᠭᠤᠳᠤᠭᠰᠠᠨ᠂ ᠲᠤᠰᠬᠠᠶ ᠪᠠᠶᠢᠩᠭᠤ ᠶᠢ ᠬᠤᠣᠰᠯᠠᠭᠤᠯᠤᠭᠰᠠᠨ᠂ ᠬᠤᠷᠴᠠ ᠰᠡᠷᠭᠡᠭ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠪᠠ᠃ ᠬᠤᠶᠠᠷ ᠲᠤ ︽ᠬᠤᠶᠠᠷ ᠢ ᠳᠡᠭᠡᠳᠦᠯᠡᠬᠦ︾ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠪᠣᠯᠤᠨ ᠱᠠᠳᠤ ᠬᠤᠪᠢᠶᠠᠨ ᠴᠤᠤᠷᠢᠶᠠᠲᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠷᠪᠠ ᠳᠤ ︽ᠪᠥᠬᠦ ᠭᠠᠮᠰᠢᠭ ᠤᠨ ᠲᠥᠷᠥᠯ ᠵᠦᠢᠯ᠂ ᠶᠡᠭᠡ ᠪᠠᠴᠢᠮ ᠪᠠᠶᠢᠳᠠᠯ ᠢ ᠠᠷᠭᠠᠴᠠᠬᠤ︾ ᠶᠢ ᠪᠠᠷᠢᠮᠲᠠᠯᠠᠨ᠂ 4 ᠶᠡᠭᠡ ᠲᠥᠷᠥᠯ ᠤᠨ ᠭᠡᠨᠡᠳᠲᠡ ᠶᠢᠨ ᠬᠡᠷᠡᠭ ᠤᠨ 40 ᠭᠠᠷᠤᠶ ᠭᠤᠤᠯ ᠭᠠᠮᠰᠢᠭ ᠤᠨ ᠲᠥᠷᠥᠯ ᠤᠨ ᠲᠦᠷᠦᠭᠦᠯᠡᠨ ᠳᠠᠭᠠᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠪᠡᠯᠡᠳᠬᠡᠯ ᠲᠥᠰᠦᠯ ᠤᠨ ᠠᠭᠤᠯᠭ᠎ᠠ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠥᠬᠦ ᠶᠠᠪᠤᠴᠠ ᠶᠢ ᠬᠠᠮᠤᠷᠪᠠ᠃ ᠲᠦᠷᠪᠡ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠲᠦᠭᠰᠢᠭᠦᠷᠢ ᠶᠢ ᠰᠡᠷᠭᠡᠶᠢᠯᠡᠬᠦ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ ᠳᠤ᠂ ᠪᠣᠳᠠᠲᠤ ᠳᠠᠶᠢᠨ ᠤ ᠤᠳᠤᠷᠢᠳᠤᠮᠵᠢ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠪᠠᠷᠢᠮᠵᠢᠶ᠎ᠠ ᠶᠢ ᠬᠡᠷᠡᠭ ᠤᠨ ᠳᠡᠰ ᠤᠨ ᠪᠠᠷᠢᠮᠵᠢᠶ᠎ᠠ ᠠᠴᠠ ᠠᠩᠬᠠᠨ ᠤ ᠳᠡᠰ ᠤᠨ ᠪᠠᠷᠢᠮᠵᠢᠶ᠎ᠠ ᠪᠣᠯᠭᠠᠨ ᠵᠠᠰᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠬᠡᠯᠬᠢᠶ᠎ᠡ ᠶᠢ ᠪᠣᠭᠤᠨᠢᠰᠬᠠᠵᠤ᠂ ᠪᠣᠳᠠᠲᠤ ᠳᠠᠶᠢᠨ ᠤ ᠱᠠᠭᠠᠷᠳᠠᠯᠭ᠎ᠠ ᠳᠤ ᠨᠡᠶᠢᠴᠡᠭᠦᠯᠦᠭᠰᠡᠨ ᠪᠠᠶᠢᠨ᠎ᠠ᠃ ᠵᠢᠷᠭᠤᠭ᠎ᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠨ ᠳᠠᠭᠠᠬᠤ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠬᠡᠷᠡᠭᠵᠢᠭᠦᠯᠦᠭᠰᠡᠨ ᠤ ᠳᠠᠷᠠᠭᠠᠬᠢ ᠵᠢᠯᠣᠭᠤᠳᠤᠨ ᠵᠣᠬᠢᠴᠠᠭᠤᠯᠬᠤ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠪᠣᠳᠠᠲᠤ ᠠᠵᠢᠯᠯᠠᠭᠠᠨ ᠤ ᠴᠢᠨᠠᠷ ᠢ ᠳᠡᠭᠡᠭᠰᠢᠯᠡᠭᠦᠯᠪᠡ᠃       ᠭᠤᠷᠪᠡ᠂ ᠭᠤᠣᠯᠳᠠᠯᠭ᠎ᠠ ᠲᠠᠢ ᠲᠣᠳᠣᠷᠬᠠᠶᠢᠯᠠᠬᠤ ᠠᠭᠤᠯᠭ᠎ᠠ       ︵ᠨᠢᠭᠡ︶ ︽ᠶᠡᠷᠦᠩᠬᠡᠶ ᠪᠡᠯᠡᠳᠬᠡᠯ ᠲᠥᠰᠦᠯ︾ ᠤᠨ ᠪᠠᠶᠢᠷᠢ ᠲᠣᠭᠲᠠᠭᠠᠯᠲᠠ ᠶᠢᠨ ᠲᠤᠬᠠᠶ      ︽ᠶᠡᠷᠦᠩᠬᠡᠶ ᠲᠥᠰᠦᠯ︾ ᠪᠣᠯ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠳᠠᠬᠢᠨ ᠪᠠᠶᠢᠭᠤᠯᠬᠤ ᠲᠦᠷᠢᠮ ᠤᠨ ᠠᠴᠢᠶᠠᠯᠠᠪᠤᠷᠢ ᠮᠥᠨ᠂ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠶᠡᠷᠦᠩᠬᠡᠶ ᠲᠣᠬᠢᠷᠠᠭᠤᠯᠤᠯᠲᠠ ᠮᠥᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠦᠨᠳᠦᠰᠦᠯᠡᠯ ᠮᠥᠨ᠃      ︵ᠬᠤᠶᠠᠷ︶ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠤᠨ ᠲᠤᠬᠠᠶ      ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠲᠥᠪ ᠵᠢᠴᠢ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠬᠠᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠵᠤ᠂ ᠬᠠᠮᠢᠶ᠎ᠠ ᠪᠥᠬᠦᠶ ᠲᠥᠷᠥᠯ ᠢᠯᠭᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠥᠷᠨᠢᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠬᠡᠷ ᠪᠣᠯᠤᠭᠰᠠᠨ ᠤ ᠬᠤᠪᠢ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠠᠰᠠᠵᠤ ᠰᠣᠷᠢᠯᠲᠠ ᠬᠢᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠵᠡᠷᠭᠡ ᠠᠵᠢᠯ ᠢ ᠪᠣᠳᠠᠲᠠᠶ ᠡᠭᠦᠷᠭᠡᠯᠡᠨ᠎ᠡ ᠃ ᠭᠡᠨᠡᠳᠲᠡ ᠶᠢᠨ ᠬᠡᠷᠡᠭ ᠢ ᠠᠷᠭᠠᠴᠠᠬᠤ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯ ᠤᠨ ᠵᠢᠯᠣᠭᠤᠳᠬᠤ ᠪᠠᠶᠢᠭᠤᠯᠤᠮᠵᠢ ᠪᠠ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠲᠦᠰᠢᠭᠯᠡᠨ ᠣᠶᠢᠷ᠎ᠠ ᠬᠠᠪᠢ ᠳᠤᠨᠢ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠡᠬᠢ ᠪᠠᠶᠠᠯᠢᠭ ᠢ ᠳᠣᠭᠢᠷᠠᠭᠤᠯᠤᠨ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ᠎ᠡ᠃      ︵ᠭᠤᠷᠪᠠ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠶ      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠭᠦᠢᠴᠡᠳᠬᠡᠬᠦ ᠲᠠᠯ᠎ᠠ ᠠᠴᠠ ᠪᠣᠳᠣᠯᠬᠢᠯᠠᠨ᠂ ︽ᠲᠠᠯᠳᠠ ᠭᠡᠮ ᠪᠣᠯ ᠳᠠᠷᠤᠶ ᠡ᠊ᠨᠳᠡᠯ ᠮᠥᠨ᠂ ᠡ᠊ᠨᠳᠡᠯ ᠢ ᠵᠠᠪᠠᠯ ᠰᠢᠢᠳᠪᠦᠷᠢᠯᠡᠬᠦ︾ ᠶᠢ ᠪᠠᠷᠢᠮᠲᠠᠯᠠᠵᠤ᠂ ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠠᠶᠤᠯ ᠲᠦᠭᠰᠢᠭᠦᠷᠢ ᠶᠢ ᠪᠠᠶᠢᠴᠠᠭᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ᠂ ᠲᠣᠰᠬᠤᠨ᠂ ᠭᠤᠣᠯᠳᠠᠯᠭ᠎ᠠ ᠲᠠᠢ ᠨᠢᠭᠡᠴᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷᠴᠢᠯᠠᠭᠰᠠᠨ ᠰᠢᠰᠲ᠋ᠧᠮ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠪᠠ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠭᠦᠰᠴᠦ ᠮᠡᠳᠡᠬᠦ ᠭᠡᠨᠡᠳᠲᠡ ᠶᠢᠨ ᠬᠡᠷᠡᠭ ᠲᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠶ᠃      ︵ᠲᠥᠷᠪᠡ︶ ᠬᠡᠷᠡᠭ ᠶᠠᠪᠤᠳᠠᠯ ᠤᠨ ᠲᠡᠰ ᠬᠤᠪᠢᠶᠠᠬᠤ ᠪᠠ ᠴᠤᠤᠷᠢᠶᠠᠲᠤᠨ ᠲᠠᠭᠠᠬᠤ ᠶᠢᠨ ᠲᠡᠰ ᠬᠤᠪᠢᠶᠠᠬᠤ ᠲᠤᠬᠠᠶ      ᠭᠡᠨᠡᠳᠲᠡ ᠶᠢᠨ ᠬᠡᠷᠡᠭ ᠢ ᠥᠨᠳᠥᠷ ᠠᠴᠠ ᠳᠣᠤᠷ᠎ᠠ ᠬᠦᠷᠲᠡᠯ᠎ᠡ ᠣᠨᠴᠠᠭᠠᠶ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠪᠠ ᠡᠩ ᠤᠨ ᠭᠡᠵᠦ ᠳᠥᠷᠪᠡᠨ ᠲᠠᠰ ᠬᠤᠪᠢᠶᠠᠨ᠎ᠠ᠃ ᠬᠤᠰᠢᠭᠤᠨ ᠲᠠᠰ ᠤᠨ ᠳᠠᠪᠬᠤᠷᠭ᠎ᠠ ᠠᠴᠠ ᠭᠤᠤᠯᠳᠠᠭᠤ ᠠᠩᠬᠠᠨ ᠤ ᠲᠠᠰᠤᠯᠤᠯᠲᠠ ᠳᠤ ᠡᠭᠦᠰᠦᠭᠰᠡᠨ ᠨᠡᠯᠢᠶᠡᠳ ᠶᠡᠭᠡ᠂ ᠡᠩ ᠤᠨ ᠭᠡᠨᠡᠳᠲᠡ ᠶᠢᠨ ᠬᠡᠷᠡᠭ ᠲᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠬᠤ ᠶᠢ ᠬᠡᠷᠡᠭᠵᠢᠭᠦᠯᠦᠨ᠎ᠡ︔ ᠬᠤᠰᠢᠭᠤᠨ ᠲᠠᠰ ᠤᠨ ᠳᠠᠪᠬᠤᠷᠭ᠎ᠠ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠴᠠᠭ ᠲᠣᠬᠠᠢ ᠳᠤ ᠨᠢ ᠪᠠᠶᠢᠭᠤᠯᠣᠨ᠎ᠠ᠃      ︵ᠲᠠᠪᠤ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠬᠠᠶ      ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠡᠳ᠋ ᠪᠣᠳᠠᠰ᠂ ᠪᠡᠯᠡ ᠮᠥᠩᠭᠦ᠂ ᠠᠮᠤᠷ ᠢ ᠬᠠᠮᠠᠭᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯ ᠠᠴᠠ ᠵᠠᠶᠢᠯᠠᠬᠤ ᠲᠥᠬᠦᠭᠡᠷᠦᠮᠵᠢ᠂ ᠴᠠᠭ ᠠᠭᠤᠷ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠯᠡᠳᠡᠭᠡᠵᠦ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠮᠵᠢᠨ ᠵᠢᠷᠤᠬᠤ᠂ ᠬᠠᠤᠯᠢ ᠪᠠᠷᠢᠬᠤ᠂ ᠴᠠᠬᠢᠯᠭᠠᠨ ᠬᠠᠩᠭᠠᠬᠤ ᠵᠡᠷᠭᠡ ᠠᠭᠤᠯᠭ᠎ᠠ ᠶᠢ ᠨᠡᠮᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠦᠢᠯᠡᠴᠢᠯᠡᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠮᠥᠷᠲᠡᠭᠡᠨ ᠪᠠᠰᠠ ᠡᠳᠦᠷ ᠲᠤᠳᠤᠮ ᠤᠨ ᠬᠠᠮᠢᠶᠠᠷᠤᠯᠲᠠ ᠳᠤ ᠰᠠᠭᠤᠷᠢᠯᠠᠭᠰᠠᠨ ᠪᠡᠯᠡᠳᠬᠡᠯ ᠠᠵᠢᠯ ᠪᠠᠶᠢᠨ᠎ᠠ᠂ ᠡᠭᠦᠨ ᠤ ᠵᠣᠷᠢᠯᠭ᠎ᠠ ᠨᠢ ᠳᠠᠷᠤᠶ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠠᠷᠭᠠᠴᠠᠬᠤ ᠬᠦᠴᠦ ᠪᠠᠨ ᠡᠩ ᠤᠨ ᠦᠶ᠎ᠡ ᠳᠤ ᠲᠠᠯᠪᠢᠵᠤ᠂ ᠬᠠᠷᠢᠭᠤᠴᠠᠯᠭ᠎ᠠ ᠶᠢ ᠵᠣᠯᠭᠠᠭᠤᠯᠬᠤ ᠪᠠ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠲᠥᠯᠥᠭᠡ ᠶᠤᠮ᠃      ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠲᠤᠬᠠᠶ      ︽ᠶᠡᠷᠦᠩᠬᠡᠶ ᠲᠥᠰᠦᠯ︾ ᠤᠨ ᠶᠡᠷᠦᠩᠬᠡᠶ ᠬᠥᠲᠥᠯᠪᠦᠷᠢ ᠶᠢᠨ ᠦᠢᠯᠡᠳᠣᠯ ᠢ ᠴᠢᠩᠭᠠᠷᠠᠭᠤᠯᠵᠤ᠂  ︿ᠲᠥᠰᠦᠯ ᠤᠨ ᠬᠠᠮᠢᠶᠠᠷᠤᠯᠲᠠ﹀ ᠶᠢ ᠴᠢᠩᠭᠠᠳᠬᠠᠨ᠂ ᠡᠯ᠎ᠡ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠮᠡᠳᠡᠭᠦᠯᠦᠨ ᠳᠠᠩᠰᠠᠯᠠᠭᠤᠯᠬᠤ᠂ ᠰᠣᠷᠢᠯᠲᠠ ᠬᠢᠬᠦ᠂ ᠦᠨᠡᠯᠡᠨ ᠵᠢᠱᠢᠬᠦ᠂ ᠵᠠᠰᠠᠪᠤᠷᠢ ᠣᠷᠣᠭᠤᠯᠬᠤ ᠵᠡᠷᠭᠡ ᠶᠢ ᠵᠢᠷᠤᠮᠵᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠴᠠᠭ ᠬᠤᠭᠤᠴᠠᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠷᠠᠭᠤᠯᠵᠤ᠂ ᠲᠤᠰᠬᠠᠶ ᠵᠦᠢᠯ᠂ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠣᠷᠢᠯᠲᠠ ᠬᠢᠭᠰᠡᠨ ᠰᠠᠭᠤᠷᠢᠨ ᠳᠡᠭᠡᠷ᠎ᠡ᠂ ᠳᠡᠭᠡᠷ᠎ᠡ ᠵᠢᠯ ᠳᠤ ᠡᠭᠦᠰᠦᠭᠰᠡᠨ ᠨᠡᠯᠢᠶᠡᠳ ᠶᠡᠭᠡ ᠠᠴᠠ ᠳᠡᠭᠡᠭᠰᠢᠬᠢ ᠲᠠᠰ ᠤᠨ ᠭᠡᠨᠡᠳᠲᠡ ᠶᠢᠨ ᠬᠡᠷᠡᠭ ᠢ ᠲᠣᠰ ᠵᠢᠯ ᠤᠨ ᠵᠤᠷᠰᠢᠯ ᠤᠨ ᠰᠣᠷᠢᠯᠲᠠ ᠶᠢᠨ ᠲᠥᠷᠥᠯ ᠵᠦᠢᠯ ᠪᠣᠯᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃                                            ᠬᠠᠭᠤᠯᠤᠨ ᠬᠦᠷᠭᠡᠬᠦ᠄ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠭᠡᠷ            ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                        2022 ᠣᠨ ᠤ 8 ᠰᠠᠷ᠎ᠠ ᠶᠢᠨ 2 ᠤᠨ ᠡᠳᠣᠷ                    ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号