︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/27
      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂  ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃       ᠰᠢ ᠶᠢᠨ ᠫᠢᠩ ᠶᠡᠷᠦᠩᠬᠡᠶ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠨᠢᠭᠡᠳᠦᠯᠲᠡᠶ᠂ ᠬᠦᠴᠦᠲᠡᠶ ᠪᠥᠭᠡᠳ ᠡᠮᠬᠢ ᠵᠢᠷᠤᠮ ᠲᠠᠢ ᠪᠦᠲᠦᠮᠵᠢᠲᠡᠶ ᠪᠠᠷ ᠬᠡᠷᠡᠭᠵᠢᠭᠦᠯᠵᠦ᠂ ᠬᠥᠮᠦᠨ ᠤ ᠦᠬᠦᠯ ᠰᠢᠷᠬᠠᠲᠤᠯ ᠪᠠ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠬᠡᠪ ᠤᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠶᠤᠮ᠃ ᠳᠡᠭᠡᠳᠦ ᠱᠠᠲᠤᠨ ᠤ ᠬᠤᠯᠪᠣᠭᠳᠠᠯ ᠪᠦᠭᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠬᠦᠢᠲᠠᠯᠣᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠲᠣᠭᠲᠠᠭᠠᠵᠠᠶ᠃ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄        ᠨᠢᠭᠡ᠂ ᠪᠡᠯᠡᠳᠬᠡᠯ ᠲᠥᠰᠦᠯ ᠢ ᠨᠠᠶᠢᠷᠠᠭᠤᠯᠤᠨ  ᠵᠣᠬᠢᠶ᠋ᠬᠠᠰᠠᠨ ᠵᠣᠷᠢᠯᠭ᠎ᠠ        ᠨᠢᠭᠡᠳᠦᠯᠲᠡᠶ ᠤᠳᠤᠷᠢᠳᠬᠤ᠂ ᠨᠢᠭᠡᠳᠦᠯᠲᠡᠶ ᠵᠢᠯᠣᠭᠤᠳᠬᠤ᠂ ᠴᠡᠷᠢᠭ ᠠᠩᠭᠢ ᠪᠠ ᠣᠷᠣᠨ ᠨᠤᠲᠤᠭ ᠬᠠᠮᠲᠤᠷᠠᠨ ᠬᠥᠳᠡᠯᠦᠯᠴᠡᠬᠦ᠂ ᠱᠠᠲᠤ ᠬᠤᠪᠢᠶᠠᠨ ᠳᠠᠭᠠᠬᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠥᠷᠭᠡᠨ ᠳᠡᠯᠭᠡᠷ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ᠂ ᠣᠷᠣᠨ ᠪᠦᠰᠡ ᠶᠢᠨ ᠬᠤᠭᠤᠷᠣᠨᠳᠣᠬᠢ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠤᠨ᠎ᠠ᠃ ᠲᠦᠷᠭᠡᠨ ᠲᠤᠰᠬᠠᠬᠤ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠮᠦᠨ ᠤ ᠦᠬᠦᠯ ᠰᠢᠷᠬᠠᠲᠤᠯ ᠪᠠ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃        ᠬᠤᠶᠡᠷ᠂ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ︽ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠡᠷᠭᠡ ᠶᠢ ᠦᠨᠳᠦᠰᠦᠯᠡᠨ ᠲᠣᠰ ᠲᠥᠰᠦᠯ ᠢ ᠨᠠᠶᠢᠷᠠᠭᠤᠯᠤᠨ ᠵᠣᠬᠢᠶᠠᠪᠠ᠃        ᠭᠤᠷᠪᠠ᠂ ᠪᠡᠯᠡᠳᠬᠡᠯ ᠲᠥᠰᠦᠯ ᠤᠨ ᠶᠡᠷᠦᠩᠬᠡᠶ ᠪᠣᠷᠣ ᠲᠥᠯᠥᠪ        ︽ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠭᠤᠣᠯ ᠪᠣᠷᠣ ᠲᠥᠯᠥᠪ ᠢ ᠶᠡᠷᠦᠩᠬᠡᠶ ᠲᠦᠷᠢᠮ᠂ ᠭᠠᠵᠠᠷ ᠬᠥᠳᠡᠯᠦᠯᠲᠡ ᠶᠢᠨ ᠭᠠᠮᠰᠢᠭ ᠢ ᠲᠡᠰ ᠬᠤᠪᠢᠶᠠᠬᠤ ᠪᠠ ᠴᠤᠤᠷᠢᠶᠠᠲᠤᠨ ᠲᠠᠭᠠᠬᠤ᠂ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠬᠢᠭᠡᠳ ᠲᠤᠰᠢᠶᠠᠯ ᠬᠠᠷᠢᠭᠤᠴᠠᠯᠭ᠎ᠠ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠪᠠᠴᠢᠮ ᠪᠠᠶᠢᠳᠠᠯ ᠢ ᠠᠷᠭᠠᠴᠠᠬᠤ ᠳᠤ ᠴᠤᠤᠷᠢᠶᠠᠲᠤᠨ ᠲᠠᠭᠠᠬᠤ ᠠᠷᠭ᠎ᠠ ᠬᠡᠮᠵᠢᠶ᠎ᠡ᠂ ᠵᠢᠯᠣᠭᠤᠳᠬᠤ ᠪᠠ ᠵᠣᠬᠢᠴᠠᠭᠤᠯᠬᠤ᠂ ᠰᠡᠷᠭᠦᠭᠡᠨ ᠲᠠᠬᠢᠨ ᠪᠠᠶᠢᠭᠤᠯᠬᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ ᠨᠡᠶᠢᠳᠡ ᠶᠢᠰᠦᠨ ᠬᠡᠰᠡᠭ ᠢᠶᠠᠷ ᠬᠤᠪᠢᠶᠠᠨ᠎ᠠ᠃        ᠲᠦᠷᠪᠡ᠂ ᠪᠡᠯᠡᠳᠬᠡᠯ ᠲᠥᠰᠦᠯ ᠤᠨ ᠭᠤᠣᠯ ᠠᠭᠤᠯᠭ᠎ᠠ        ᠨᠢᠭᠡ ᠳᠤ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠪᠡᠯᠡᠳᠬᠡᠯ ᠲᠥᠰᠦᠯ︾ ᠨᠢ ᠳᠥᠷᠪᠡᠨ ᠳᠠᠭᠠᠬᠤ ᠲᠠᠰ ᠤᠨ ᠭᠤᠤᠯ  ᠭᠦᠢᠴᠡᠳᠭᠡᠯ ᠲᠤᠭ᠎ᠠ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠡᠬᠢᠯᠡᠭᠦᠯᠬᠦ ᠳᠤ ᠵᠣᠬᠢᠴᠠᠩᠭᠤᠶ ᠲᠣᠬᠢᠷᠠᠭᠤᠯᠤᠯᠲᠠ ᠪᠠ ᠲᠡᠭᠦᠯᠳᠡᠷᠵᠢᠭᠦᠯᠦᠯᠲᠡ ᠬᠢᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠣᠳᠠᠲᠤ ᠪᠠᠶᠢᠳᠠᠯ ᠳᠤ ᠨᠠᠩ ᠢᠯᠡᠭᠦᠤ ᠨᠡᠶᠢᠴᠡᠭᠦᠯᠵᠦ᠂ ︽ᠪᠡᠯᠡᠳᠬᠡᠯ ᠲᠥᠰᠦᠯ︾ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠱᠠᠲᠤᠨ ᠤ ᠪᠡᠯᠡᠳᠬᠡᠯ ᠲᠥᠰᠦᠯ ᠯᠦᠭᠡ ᠵᠣᠯᠭᠠᠭᠤᠯᠬᠤ ᠶᠢ  ᠭᠦᠢᠴᠡᠳ ᠪᠣᠳᠣᠯᠬᠢᠯᠠᠬᠤ ᠳᠤ ᠲᠥᠬᠦᠮ ᠪᠣᠯᠭᠠᠪᠠ       ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠠᠰ ᠳᠠᠷᠠᠭᠠᠯᠠᠯ ᠵᠢᠴᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ︽ᠪᠡᠯᠡᠳᠬᠡᠯ ᠲᠥᠰᠦᠯ︾ ᠳᠤ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠵᠢᠷᠤᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠵᠠᠷ ᠬᠥᠳᠡᠯᠦᠯᠲᠡ ᠶᠢ ᠡᠰᠡᠷᠭᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠳᠤᠮᠳᠠᠬᠢ ᠪᠣᠳᠠᠲᠠᠶ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠥᠷᠪᠡᠨ ᠱᠠᠲᠤᠨ ᠤ ᠴᠤᠤᠷᠢᠶᠠᠲᠤᠨ ᠳᠠᠭᠠᠬᠤ ᠠᠵᠢᠯ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠬᠤ ᠲᠤᠰᠢᠶᠠᠯ ᠬᠠᠷᠢᠭᠤᠴᠠᠯᠭ᠎ᠠ ᠬᠢᠭᠡᠳ ᠬᠤᠭᠤᠷᠣᠨᠳᠣᠬᠢ ᠬᠠᠷᠢᠴᠠᠭ᠎ᠠ ᠶᠢ ᠲᠣᠳᠣᠷᠬᠠᠶᠢᠯᠠᠵᠠᠶ᠃ ᠭᠠᠵᠠᠷ ᠬᠥᠳᠡᠯᠦᠯᠲᠡ ᠶᠢᠨ ᠪᠠᠶᠢᠳᠠᠯ ᠢ ᠮᠡᠳᠡᠭᠦᠯᠬᠦ᠂ ᠮᠡᠳᠡᠭᠡ ᠵᠠᠩᠭᠢ ᠨᠡᠶᠢᠲᠡᠯᠡᠬᠦ ᠂ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠬᠤ᠂ ᠠᠶᠤᠯ ᠠᠴᠠ ᠵᠠᠶᠢᠯᠠᠬᠤ ᠲᠠᠯᠠᠪᠤᠷ ᠢ ᠪᠠᠲᠤᠯᠠᠬᠤ ᠵᠡᠷᠭᠡ ᠠᠭᠤᠯᠭ᠎ᠠ ᠶᠢ ᠨᠦᠬᠦᠪᠦᠷᠢᠯᠡᠵᠦ ᠲᠡᠭᠦᠯᠳᠡᠷᠵᠢᠭᠦᠯᠪᠡ᠃       ᠭᠤᠷᠪᠠ ᠳᠤ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠬᠤᠭᠤᠴᠠᠭ᠎ᠠ᠃ ᠲᠤᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃         ᠬᠠᠭᠤᠯᠣᠨ ᠬᠦᠷᠭᠡᠬᠦ᠄ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠦᠪᠯᠡᠯᠬᠡᠨ ᠤ ᠠᠯᠪᠠᠨ ᠭᠡᠷ                  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ                        2022 ᠣᠨ ᠤ 8 ᠰᠠᠷ᠎ᠠ ᠶᠢᠨ 2 ᠤᠨ ᠡᠳᠦᠷ                    ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ              ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号