︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/27
    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠡᠯ᠎ᠡ ᠨᠢᠭᠡᠴᠡ ᠳᠤ᠄      ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠨᠢᠭᠡ᠂ ︽ᠲᠥᠯᠥᠪᠵᠢᠭᠦᠯᠭᠡ︾ ᠶᠢ ᠨᠡᠶᠢᠲᠡᠯᠡᠭᠰᠡᠨ ᠠᠬᠤᠶ ᠪᠠᠶᠢᠳᠠᠯ ᠪᠠ ᠦᠨᠳᠦᠰᠦᠯᠡᠯ ᠨᠢ ᠶᠠᠭᠤ ᠪᠤᠢ      ︽ᠲᠥᠯᠥᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂  ᠰᠢ ᠶᠢᠨ ᠫᠢᠩ ᠶᠡᠷᠦᠩᠬᠡᠶ ᠱᠦᠵᠢ ᠶᠢᠨ ᠵᠡᠮᠳᠡᠭᠴᠦᠳ ᠤᠨ ᠦᠢᠯᠡᠰ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠣᠭᠤᠰᠢᠯᠠᠭᠤᠯᠵᠦ᠂ ᠵᠡᠮᠳᠡᠭᠴᠦᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠲᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ ᠬᠤᠷᠠᠮᠳᠤᠭᠤᠯᠵᠤ᠂ ᠡᠬᠢ ᠪᠠᠶᠠᠯᠢᠭ ᠢ ᠨᠡᠶᠢᠳᠬᠡᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠭᠤᠣᠯᠴᠢ ᠪᠠᠷ ᠵᠡᠮᠳᠡᠭᠴᠦᠳ ᠲᠤ ᠬᠦᠷᠲᠡᠭᠡᠨ᠎ᠡ᠃      ᠬᠤᠶᠡᠷ᠂ ︽ᠲᠥᠯᠥᠪᠵᠢᠭᠦᠯᠭᠡ︾ ᠳᠤ ᠳᠤᠷᠠᠳᠤᠭᠰᠠᠨ ᠠᠵᠢᠯ ᠤᠨ ᠬᠠᠷᠠᠯᠲᠠ ᠨᠢ ᠶᠠᠭᠤ ᠪᠤᠢ      ︽ᠲᠥᠯᠥᠪᠵᠢᠭᠦᠯᠭᠡ︾ ᠳᠤ 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠲᠤ ᠪᠦᠬᠦ ᠲᠠᠯ᠎ᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠤᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠮ᠎ᠡ ᠳᠡᠭᠡᠭᠰᠢᠯᠡᠭᠦᠯᠵᠦ᠂ ᠪᠦᠬᠦ ᠬᠦᠷᠢᠶᠡᠨ ᠤ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠪᠤᠷᠢ ᠶᠢᠨ ᠨᠥᠬᠦᠴᠡᠯ ᠢ ᠮᠡᠳᠡᠭᠳᠡᠮ᠎ᠡ ᠰᠠᠶᠢᠵᠢᠷᠠᠭᠤᠯᠵᠤ ᠂ ᠶᠠᠰᠤ ᠴᠢᠨᠠᠷ ᠦᠷ᠎ᠡ ᠠᠰᠢᠭ ᠢ ᠮᠡᠳᠡᠭᠳᠡᠮ᠎ᠡ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠠᠭᠤᠰᠤᠯᠴᠠᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠦᠨ᠎ᠡ ᠭᠡᠵᠦ ᠳᠤᠷᠠᠳᠴᠠᠢ᠃     ︽ᠲᠥᠯᠥᠪᠵᠢᠭᠦᠯᠭᠡ︾ ᠶᠢᠨ ᠬᠠᠷᠠᠯᠲᠠ ᠶᠢ ᠲᠣᠭᠲᠠᠭᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠣᠯᠤᠭᠰᠠᠨ ᠠᠯᠢ ᠤᠯᠠᠨ ᠠᠮᠵᠢᠯᠲᠠ ᠪᠦᠲᠦᠮᠵᠢ ᠶᠢᠨ ᠳᠣᠣᠷ᠎ᠠ ᠵᠢᠱᠢᠭᠰᠡᠨ ᠵᠠᠶᠢᠯᠠᠰᠢ ᠦᠭᠡᠢ ᠬᠦᠰᠡᠯ ᠡᠷᠡᠮᠡᠯᠵᠡᠯ ᠮᠥᠨ᠃      ᠭᠤᠷᠪᠡ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ ᠨᠢ ᠶᠠᠭᠤ ᠪᠤᠢ      ᠲᠥᠯᠥᠪᠵᠢᠭᠦᠯᠭᠡ ᠶᠢ 3 ᠬᠡᠰᠡᠭ᠂ 7  ᠵᠦᠢᠯ ᠤᠨ ᠡᠭᠦᠷᠭᠡ᠂ 29  ᠵᠦᠢᠯ ᠤᠨ ᠭᠤᠤᠯ ᠠᠷᠭ᠎ᠠ ᠬᠡᠮᠵᠢᠶ᠎ᠡ ᠭᠡᠵᠦ ᠬᠤᠪᠢᠶᠠᠵᠤ᠂ 1 ᠭᠤᠤᠯ ᠭᠦᠢᠴᠡᠳᠭᠡᠯ ᠲᠤᠭ᠎ᠠ ᠶᠢᠨ ᠲᠤᠰᠬᠠᠶ ᠪᠤᠯᠤᠩ ᠭᠠᠷᠭᠠᠪᠠ᠃       ᠨᠢᠭᠡᠳᠦᠭᠡᠷ ᠬᠡᠰᠡᠭ ᠨᠢ ᠶᠡᠷᠦᠩᠬᠡᠶ ᠱᠠᠭᠠᠷᠳᠠᠯᠭ᠎ᠠ ᠪᠣᠯᠤᠨ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠲᠣᠳᠣᠷᠬᠠᠶ ᠪᠣᠯᠭᠠᠨ᠎ᠠ᠃       ᠬᠤᠶᠠᠳᠣᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠠ ᠭᠤᠣᠯ ᠠᠷᠭ᠎ᠠ ᠬᠡᠮᠵᠢᠶ᠎ᠡ ᠪᠣᠯᠤᠨ᠎ᠠ᠃       ᠨᠢᠭᠡ ᠳᠤ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃         ᠬᠤᠶᠠᠷ ᠲᠤ ᠵᠡᠮᠳᠡᠭᠴᠦᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠠᠵᠢᠯ ᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃       ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ᠃       ᠲᠦᠷᠪᠡ ᠳᠤ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ᠃       ᠲᠠᠪᠤ ᠳᠤ᠂ ᠬᠠᠤᠯᠢᠵᠢᠯ ᠪᠠ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃       ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃       ᠲᠤᠯᠤᠭ᠎ᠠ ᠳᠤ ᠴᠢᠩᠭ᠎ᠠ ᠬᠦᠴᠦᠲᠡᠢ ᠲᠤᠯᠭᠠᠭᠤᠷᠢᠯᠠᠯ ᠤᠨ ᠰᠢᠰᠲ᠋ᠧᠮ ᠢ ᠦᠨᠡᠨᠬᠦ ᠪᠠᠶᠢᠭᠤᠯᠵᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃      ᠭᠤᠷᠪᠠᠳᠣᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃      ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠢ ᠴᠢᠩᠭᠠᠳᠬᠠᠨ᠎ᠠ᠃ ᠬᠤᠰᠢᠭᠤᠨ ᠤ ᠡᠯ᠎ᠡ ᠰᠠᠯᠠᠭ᠎ᠠ ᠮᠥᠴᠢᠷ ᠲᠣᠰ ᠲᠥᠯᠥᠪᠵᠢᠭᠦᠯᠭᠡ ᠶᠢ ᠦᠨᠳᠦᠰᠦᠯᠡᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠰᠢᠭᠤᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃      ᠬᠤᠶᠠᠷ ᠲᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠳᠡᠭᠡᠳᠦ ᠱᠠᠲᠤ ᠬᠢᠭᠡᠳ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ᠂ ᠡᠩ ᠤᠨ ᠣᠯᠠᠨ ᠨᠡᠶᠢᠲᠡ ᠶᠢᠨ ᠲᠥᠰᠦᠪ᠂ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠪᠠᠯᠠ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠬᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠦᠨᠳᠦᠰᠦᠨ ᠦᠢᠯᠡᠴᠢᠯᠡᠬᠡᠨ ᠤ ᠵᠠᠷᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠠᠲᠠᠪᠤᠷᠢᠯᠠᠬᠤ ᠪᠦᠲᠦᠴᠡ ᠶᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠵᠦ᠂ ᠰᠢᠰᠲ᠋ᠧᠮ ᠲᠠᠢ ᠪᠠᠷ ᠰᠢᠯᠢᠳᠡᠭᠵᠢᠭᠦᠯᠵᠦ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠲᠦᠷᠢᠮ ᠤᠨ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃      ᠭᠤᠷᠪᠠ ᠳᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠤᠰᠢᠭᠤᠨ ᠤ ᠵᠡᠮᠳᠡᠭᠴᠦᠳ ᠤᠨ ᠠᠵᠢᠯ ᠤᠨ ᠵᠥᠪᠯᠡᠯ ᠨᠢ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠨᠢ ᠳᠣᠭᠢᠷᠠᠭᠤᠯᠤᠨ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠳ᠋ᠦᠩᠨᠡᠨ ᠦᠨᠡᠯᠡᠨ ᠵᠢᠱᠢᠯᠲᠡ ᠬᠢᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠶ᠃        ᠬᠠᠭᠤᠯᠣᠨ ᠬᠦᠷᠭᠡᠬᠦ᠄  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ              ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ                     2022 ᠣᠨ ᠤ 7 ᠰᠠᠷ᠎ᠠ ᠶᠢᠨ 28 ᠤ ᠡᠳᠦᠷ                      ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ          ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号