ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/1/7
         ︵2023 ᠣᠨ ᠤ 1 ᠰᠠᠷ᠎ᠠ ᠶᠢᠨ 6 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2023 ᠣᠨ ᠤ 1 ᠰᠠᠷ᠎ᠠ ᠶᠢᠨ 6 ᠤ ᠡᠳᠦᠷ ᠬᠦᠭᠡᠪᠦᠷ ᠪᠠᠯᠭᠠᠰᠤᠨ ᠳᠤ ᠬᠤᠷᠠᠯᠳᠤᠪᠠ᠃     ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 43 ᠬᠥᠮᠦᠨ᠂ ᠣᠷᠣᠯᠠᠭᠴᠢ ᠭᠡᠰᠢᠭᠦᠨ 9 ᠬᠥᠮᠦᠨ ᠣᠷᠣᠯᠴᠠᠪᠠ᠃ ᠬᠤᠰᠢᠭᠤᠨ ᠤ ᠬᠤᠯᠪᠣᠭᠳᠠᠯ ᠪᠦᠭᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠦᠪᠯᠡᠯ ᠤᠨ ᠭᠡᠰᠢᠭᠦᠨ ᠪᠠ ᠬᠤᠯᠪᠣᠭᠳᠠᠯ ᠪᠦᠭᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠤ ᠣᠷᠣᠯᠴᠠᠭᠰᠠᠨ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃ ᠪᠦᠬᠦᠳᠠ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ 2022 ᠣᠨ ᠤ ᠠᠵᠢᠯ ᠢ ᠳ᠋ᠦᠩᠨᠡᠵᠦ᠂ 2023 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠳᠠᠷᠤᠭ᠎ᠠ ᠶᠠᠩ ᠯᠢ ᠮᠧᠶ ᠳᠣᠰ ᠳᠣᠰ ᠶᠠᠷᠢᠶ᠎ᠠ ᠲᠠᠯᠪᠢᠵᠠᠶ᠃     ᠪᠦᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠬᠦ ᠶᠢ ᠵᠥᠪᠰᠢᠶᠡᠷᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ 2022 ᠣᠨ ᠤ ᠠᠵᠢᠯ ᠢ ᠬᠦᠢᠴᠡᠳ ᠨᠣᠳᠠᠯᠠᠪᠠ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ  ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠶᠡᠷᠦᠩᠬᠡᠶ ᠱᠦᠵᠢ ᠶᠢᠨ ᠦᠪᠦᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠳᠥᠷᠪᠡᠨ ᠶᠡᠭᠡ ᠪᠠᠶᠢᠯᠳᠤᠬᠤ ᠪᠣᠳᠣᠯᠭ᠎ᠠ︾ ︽ᠲᠠᠪᠤᠨ ᠣᠷᠣᠨ ᠤ ᠪᠦᠲᠦᠭᠡᠨ ᠪᠠᠶᠢᠭᠤᠯᠤᠯᠲᠠ︾ ᠶᠢᠨ ᠬᠥᠭᠵᠢᠯᠲᠡ ᠶᠢᠨ ᠰᠡᠳᠬᠢᠴᠡ ᠪᠠ ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂  ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠦᠴᠦ ᠲᠠᠯᠪᠢᠵᠤ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠢᠷ ᠢ ᠲᠤᠭᠤᠯᠤᠨ᠂ ᠬᠤᠪᠢᠷᠠᠯᠲᠠ ᠶᠢ ᠠᠷᠭᠠᠴᠠᠬᠤ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠰᠢᠯᠭᠠᠯᠲᠠ ᠶᠢ ᠥᠩᠭᠡᠷᠡᠭᠡᠬᠦ ᠳᠤᠮᠳᠠ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ ᠲᠠᠢ ᠪᠣᠯᠬᠤ ᠶᠢ ᠳᠥᠯᠭᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠨᠨᠳᠠᠭᠠᠨᠨᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠦ ᠰᠠᠨᠠᠯ ᠨᠢᠭᠡᠳᠡᠢ ᠦᠵᠡᠵᠡᠭᠡᠪᠡ᠃    ᠪᠦᠬᠦᠳᠡ ᠬᠤᠷᠠᠯ ᠠᠴᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠣᠳᠠᠭᠠᠨ ᠤ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠨᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠡᠨᠡ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠰᠡᠳᠬᠢᠮᠵᠢ᠂ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠶᠢ ᠰᠢᠰᠲ᠋ᠧᠮ ᠲᠠᠢ ᠲᠥᠯᠥᠪᠯᠡᠵᠦ᠂ ᠪᠢᠳᠡᠨ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠨᠡ ᠵᠢᠯ ᠤᠨ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠶᠢᠨ ᠵᠡᠷᠭᠡ ᠳᠤ ᠰᠢᠯᠢᠳᠡᠭ ᠲᠤ ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ ᠵᠠᠬᠢᠷᠤᠭᠤᠯᠵᠤ᠂ ︽ᠳᠥᠷᠪᠡᠨ ᠶᠡᠭᠡ ᠪᠠᠶᠢᠯᠳᠤᠬᠤ ᠪᠣᠳᠣᠯᠭ᠎ᠠ︾᠂ ︽ᠲᠠᠪᠤᠨ ᠣᠷᠣᠨ ᠤ ᠪᠦᠲᠦᠭᠡᠨ ᠪᠠᠶᠢᠭᠤᠯᠤᠯᠲᠠ︾ ᠶᠢ ᠲᠣᠭᠲᠠᠭᠤᠨ ᠢᠶᠠᠷ ᠬᠡᠷᠡᠭᠵᠢᠭᠦᠯᠵᠦ᠂ ︽ᠭᠤᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠶᠢᠨ ᠰᠢᠨ᠎ᠡ ᠶᠢ ᠡᠭᠦᠳᠬᠦ ᠰᠢᠪᠲᠤᠯᠤᠯᠲᠠ ᠬᠥᠭᠵᠢᠯᠲᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠠᠵᠤ ᠠᠬᠤᠶ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠰᠠᠶᠢᠨ ᠡᠬᠢᠯᠡᠯᠲᠡ ᠲᠠᠯᠪᠢᠬᠤ  ᠬᠡᠷᠡᠭᠲᠡᠶ ᠭᠡᠵᠦ ᠵᠢᠭᠠᠵᠦ ᠭᠠᠷᠭᠠᠪᠠ᠃     ᠪᠦᠬᠦᠳᠡ ᠬᠤᠷᠠᠯ ᠠᠴᠠ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠵᠥᠷᠢᠶ᠎ᠡ ᠶᠢ ᠣᠨᠣᠪᠴᠢᠲᠠᠶ ᠡᠷᠢᠵᠦ ᠤᠯᠬᠤ ᠬᠡᠷᠡᠭᠲᠡᠶ᠃ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠤᠷᠤᠭᠰᠢᠯᠠᠨ ᠲᠠᠪᠰᠢᠬᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠣᠷᠣᠨ ᠪᠠᠶᠢᠷᠢ ᠶᠢ ᠣᠨᠣᠪᠴᠢᠲᠠᠢ ᠲᠣᠭᠲᠠᠭᠠᠬᠤ ᠬᠡᠷᠡᠭᠲᠡᠢ᠃ ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠶᠢ ᠶᠡᠬᠡᠪᠡᠷ ᠠᠳᠬᠤᠬᠤ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠯᠠᠪᠳᠠᠭᠤᠨ ᠪᠠᠲᠤᠲᠠᠶ ᠠᠵᠢᠯᠯᠠᠬᠤ ᠶᠢ ᠪᠠᠷᠢᠮᠲᠠᠯᠠᠵᠤ᠂ ︽ᠪᠢ ᠪᠣᠰᠣᠳ ᠢ ᠬᠥᠷᠬᠦ ᠥᠬᠡᠶ︾ ᠭᠡᠬᠦ ᠰᠡᠳᠬᠢᠯ᠂ ︽ᠬᠦᠭᠵᠢᠬᠦᠯᠬᠦ ᠳᠤ ᠲᠡᠩᠳᠡᠬᠦᠦ ᠶᠠᠭᠠᠷᠠᠬᠤ ᠬᠡᠷᠡᠭ ᠥᠬᠡᠶ︾ ᠭᠡᠬᠦ ᠪᠣᠳᠣᠯ᠂ ︽ᠶᠠᠪᠤᠴᠠ ᠶᠢ ᠴᠢᠬᠤᠯᠠᠴᠢᠯᠠᠬᠤ  ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠥᠬᠡᠶ︾ ᠤᠬᠠᠮᠰᠠᠷ᠂  ︽ᠵᠣᠷ ᠦᠭᠡᠢ ᠪᠣᠯ ᠡᠮ ᠦᠭᠬᠦ ᠵᠣᠷᠢᠭ ᠦᠭᠡᠢ︾ ᠬᠢᠳᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠤᠯᠠ ᠶᠢ ᠬᠠᠷᠠᠬᠤ ᠥᠬᠡᠶ︾ ᠰᠡᠳᠬᠢᠬᠦᠶ᠂ ︽ᠨᠠᠷᠢᠯᠢᠭ ᠵᠦᠢᠯ ᠢ ᠠᠩᠬᠠᠷᠬᠤ ᠦᠭᠡᠢ᠂ ᠪᠠᠷᠤᠭ ᠲᠥᠯᠥᠪ ᠢᠶᠠᠷ ᠨᠢ ᠪᠣᠯᠭᠠᠬᠤ︾ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠵᠦ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠡᠷᠡᠰ ᠲᠠᠶᠠᠭᠳᠠᠵᠤ᠂ ᠪᠥᠬᠦ ᠬᠤᠰᠢᠭᠤᠨ ᠤ ᠬᠥᠭᠵᠢᠯᠲᠡ ᠶᠢ ᠠᠬᠢᠭᠤᠯᠬᠤ ᠶᠡᠭᠡ ᠶᠠᠪᠤᠳᠠᠯ ᠴᠢᠬᠤᠯᠠ ᠶᠠᠪᠤᠳᠠᠯ ᠢ ᠴᠢᠩᠭ᠎ᠠ ᠠᠳᠬᠤᠨ ᠪᠣᠳᠠᠲᠠᠶ ᠪᠠᠷ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠪᠠ᠃ ᠨᠢᠭᠡ ᠳᠤ᠂ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃ ᠨᠡᠩ ᠶᠡᠭᠡ ᠵᠣᠷᠢᠭ ᠰᠠᠨᠠᠭ᠎ᠠ ᠪᠠᠷ ᠲᠦᠷᠦᠯ ᠵᠦᠢᠯ ᠤᠨ ᠪᠡᠯᠡ ᠮᠥᠩᠭᠦ ᠶᠢ ᠲᠠᠲᠠᠵᠤ᠂ ᠨᠡᠩ ᠴᠢᠩᠭ᠎ᠠ ᠡᠷᠴᠢᠮ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠡᠷᠡᠭᠯᠡᠭᠡᠨ ᠤ ᠨᠡᠮᠡᠭᠳᠡᠯ ᠢ ᠠᠬᠢᠭᠤᠯᠵᠤ᠂ ᠨᠡᠩ ᠰᠢᠯᠢᠳᠡᠭ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠲᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠦᠢᠯᠡᠴᠢᠯᠡᠬᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠣᠲᠣ ᠦᠶ᠎ᠡ ᠶᠢᠨ ᠠᠵᠠ ᠦᠢᠯᠡᠰ ᠤᠨ ᠰᠢᠰᠲ᠋ᠧᠮ ᠢ ᠪᠦᠳᠦᠭᠡᠨ ᠪᠠᠶᠢᠭᠤᠯᠣᠨ᠎ᠠ᠃ ᠭᠤᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠪᠦᠳᠦᠬᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠣᠳᠣᠬᠢᠴᠢᠯᠠᠬᠤ ᠪᠦᠳᠦᠬᠡᠨ ᠪᠠᠶᠢᠭᠤᠯᠤᠯᠲᠠ ᠶᠢᠨ ᠠᠯᠬᠤᠮ ᠢ ᠲᠠᠭᠠᠵᠦ ᠲᠠᠶᠢᠯᠬᠦ ᠪᠣᠯᠭᠠᠨ᠎ᠠ᠃ ᠲᠥᠷᠪᠡ ᠳᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠵᠤᠵᠠᠭᠠᠳᠬᠠᠨ᠎ᠠ᠃ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠭᠦᠨᠵᠡᠭᠡᠶᠢᠷᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ ᠲᠠᠪᠤ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠨᠡᠨᠬᠦ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ︽ᠭᠤᠷᠪᠠᠨ ᠣᠷᠣᠯᠭ᠎ᠠ︾ ᠶᠢ ᠬᠦᠴᠦᠯᠡᠨ ᠳᠡᠭᠡᠭᠰᠢᠯᠡᠭᠦᠯᠵᠦ᠂ ᠬᠤᠳᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠣᠯᠤᠮᠵᠢᠲᠤ ᠴᠢᠨᠠᠷ ᠪᠠ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠦᠨ᠎ᠡ᠃     ᠪᠦᠬᠦᠳᠡ ᠬᠤᠷᠠᠯ ᠠᠴᠠ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠤᠯᠤᠰ ᠲᠦᠷᠦ ᠶᠢᠨ ᠪᠠᠲᠤᠯᠠᠭ᠎ᠠ ᠶᠢ ᠪᠠᠲᠤᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠠᠵᠢᠯ ᠢ ᠰᠠᠶᠢᠲᠤᠷ ᠠᠳᠬᠤᠵᠤ᠂ ᠰᠠᠶᠢᠨ ᠭᠤᠣᠯ ᠲᠣᠭᠯᠠᠭᠴᠢ ᠪᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠠᠷᠢᠴᠠᠯᠠᠰᠢᠭᠦᠶ ᠦᠨᠡᠨᠴᠢ ᠰᠢᠳᠤᠷᠭᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠲᠥᠯᠥᠭᠡ ᠲᠦᠷᠦ ᠪᠠᠷᠢᠬᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠡᠷᠢᠭᠦᠨ ᠤ ᠬᠢ ᠶᠢ ᠪᠠᠷᠢᠮᠵᠢᠶᠠᠯᠠᠵᠤ ᠥᠨᠳᠥᠷ ᠪᠠᠷᠢᠮᠵᠢᠶ᠎ᠠ ᠶᠢ ᠪᠤᠢ ᠪᠣᠯᠭᠠᠵᠤ᠂ ᠰᠢᠷᠭᠠᠭᠤ ᠠᠵᠢᠯᠯᠠᠵᠤ ᠪᠣᠳᠠᠲᠠᠢ ᠪᠠᠷ ᠠᠵᠢᠯᠯᠠᠵᠤ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠪᠦᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃     ᠪᠥᠬᠦᠳᠡ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠵᠡᠯ ᠰᠠᠨᠠᠭ᠎ᠠ ᠪᠠᠨ ᠴᠢᠯᠥᠭᠡᠯᠡᠨ᠂ ᠲᠥᠪ ᠴᠢᠬᠡᠴᠢ ᠪᠠᠷ ᠰᠢᠨ᠎ᠡ ᠶᠢ ᠡᠭᠦᠳᠴᠦ᠂ ᠡᠷᠴᠢ ᠵᠣᠷᠢᠭ ᠢᠶᠠᠨ ᠬᠥᠪᠴᠢᠯᠡᠨ᠂ ᠰᠢᠨᠲᠠᠷᠠᠰᠢ ᠥᠬᠡᠶ ᠵᠢᠳᠬᠦᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ ᠨᠡᠭᠡᠭᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠡᠢ ᠭᠡᠵᠦ ᠣᠷᠢᠶᠠᠯᠠᠪᠠ᠃      ᠰᠣᠷᠪᠣᠯᠵᠢᠯᠬᠠᠴᠢ  ᠄ ᠺᠠᠩ ᠢᠤᠢ   ᠶᠠᠩ ᠴᠢᠣᠸᠠᠨ      ᠵᠣᠬᠢᠶ᠋ᠬᠠᠴᠢ  ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ      ᠣᠷᠴᠢᠭᠤᠯᠣᠨᠨᠴᠢ  ᠄ ᠭᠧ ᠲᠣᠸᠠᠨ ᠯᠢᠶᠡᠨ  
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号