ᠵᠡᠭᠡᠷᠡᠲᠦ ᠬᠤᠲᠠ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/10/10
                     ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠣᠰ ᠪᠠᠶᠠᠷ ᠤᠨ ᠬᠤᠭᠤᠴᠠᠭᠠᠨ ᠳᠤ᠂ ᠵᠡᠭᠡᠷᠡᠲᠦ ᠬᠤᠲᠠ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 2023 ᠣᠨ ᠤ 9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ 1 ᠤ ᠡᠳᠦᠷ ᠪᠣᠯᠲᠠᠯᠠᠬᠢ ᠬᠤᠭᠤᠴᠠᠭᠠᠨ ᠳᠤ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠪᠠᠯᠭᠠᠰᠤᠨ ᠤ ᠳᠠᠷᠤᠭ᠎ᠠ ᠮᠧᠩ ᠴᠢᠩ ᠢᠦᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠬᠠᠷᠢᠶ᠎ᠠ ᠣᠷᠣᠨ ᠤ ᠪᠠᠨ ᠭᠤᠯᠢᠷ ᠤᠨ ᠦᠢᠯᠡᠳᠪᠦᠷᠢ᠂ ᠴᠠᠷᠳᠠᠭᠤᠯ ᠤᠨ ᠦᠢᠯᠡᠳᠪᠦᠷᠢ᠂ ᠪᠠᠶᠢᠭᠤᠯᠵᠤ ᠪᠠᠶᠢᠭ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃

    ᠾᠧ ᠯᠢᠶᠠᠨ ᠾᠧᠤ ᠱᠠᠭᠠᠷᠳᠠᠭᠰᠠᠨ ᠨᠢ᠄ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽

ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾

ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠰᠣᠬᠤᠷ ᠪᠠᠯᠠᠶ ᠪᠠᠷ ᠪᠠᠶᠠᠷᠯᠠᠬᠤ᠂ ᠮᠢᠨᠴᠦᠭᠦᠷᠡᠨ ᠰᠤᠯᠠᠷᠠᠬᠤ ᠦᠵᠡᠯ

ᠰᠠᠨᠠᠭ᠎ᠠ ᠶᠢ ᠡᠷᠡᠰ ᠲᠡᠪᠴᠢᠬᠦ ᠬᠡᠷᠡᠭᠲᠡᠢ᠃ ᠬᠤᠶᠠᠷ ᠲᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠶᠤᠯᠭᠦᠶ

ᠦᠢᠯᠡᠳᠪᠦᠷᠢᠯᠡᠯ ᠤᠨ ᠪᠠᠶᠢᠴᠠᠭᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠨᠢᠭᠡᠴᠡ ᠳᠤ

ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠴᠡᠭ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠯᠳᠠ ᠬᠡᠮ ᠢ

ᠣᠯᠵᠤ ᠮᠡᠳᠡᠪᠡᠯ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠷᠢᠯᠭᠠᠬᠤ ᠬᠡᠷᠡᠭᠲᠡᠶ᠃ ᠡᠭᠦᠨ ᠤ ᠬᠠᠮᠲᠤ᠂

ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠠᠮᠠᠷᠠᠯᠲᠠ ᠶᠢᠨ

ᠬᠤᠭᠤᠴᠠᠭᠠᠨ ᠳᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂

ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂ ᠪᠠᠶᠠᠷ ᠳᠤᠷᠠᠰᠬᠠᠯ

ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ

ᠪᠠᠲᠤᠯᠠᠬᠤ ᠬᠡᠷᠡᠭᠲᠡᠢ᠃

           ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号