ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/10
          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠲᠡᠭᠦᠨ ᠤ ᠠᠭᠤᠯᠤᠭᠳᠠᠬᠤᠨ ᠮᠥᠨ ᠴᠢᠨᠠᠷ ᠢ ᠭᠦᠨᠵᠡᠭᠡᠢ ᠣᠶᠢᠯᠠᠭᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠪᠡ᠃ 9 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ︽ᠭᠤᠤᠯ ᠰᠡᠳᠦᠪᠲᠦ ᠬᠥᠮᠦᠵᠢᠯ ᠤᠨ ᠨᠠᠮᠴᠢ ᠴᠢᠨᠠᠷ ᠢ ᠴᠢᠩᠭᠠᠳᠬᠠᠵᠤ ᠦᠵᠡᠯ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠮᠧᠩ ᠴᠢᠩ ᠢᠦᠶ ᠬᠤᠷᠠᠯ ᠡᠷᠭᠢᠯᠡᠵᠦ᠂ ᠪᠥᠬᠦ ᠪᠠᠭ ᠤᠨ ᠪᠦᠷᠢᠯᠳᠦᠬᠦᠨ᠂ 22 ᠲᠣᠰᠬᠤᠨ ᠤ ᠨᠠᠮ ᠤᠨ ᠡᠭᠦᠷ ᠤᠨ ᠱᠦᠵᠢ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃

    ᠬᠤᠷᠠᠯ ᠳᠡᠭᠡᠷ᠎ᠡ᠂ ᠭᠤᠤᠯ ᠰᠡᠳᠦᠪᠲᠦ ᠬᠥᠮᠦᠵᠢᠯ ᠤᠨ ᠳᠤᠭᠤᠶᠢᠯᠠᠩ ᠤᠨ ᠳᠠᠷᠤᠭ᠎ᠠ᠂ ᠪᠠᠯᠭᠠᠰᠤᠨ ᠤ ᠨᠠᠮ ᠤᠨ

ᠬᠤᠷᠢᠶᠠᠨ ᠤ ᠱᠦᠵᠢ ᠾᠧ ᠯᠢᠶᠠᠨ ᠾᠧᠦ ᠣᠯᠠᠨ ᠢ ᠳᠠᠭᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠭᠤᠤᠯ

ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ

ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠪᠠ᠃ ᠭᠤᠤᠯ ᠰᠡᠳᠦᠪᠲᠦ ᠬᠥᠮᠦᠵᠢᠯ ᠤᠨ

ᠲᠤᠭᠤᠶᠢᠯᠠᠩ ᠤᠨ ᠳᠡᠳ᠋ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠩ

ᠴᠧᠩ ᠠᠴᠠ ᠵᠡᠭᠡᠷᠡᠲᠦ ᠬᠤᠲᠠ ᠪᠠᠯᠭᠠᠰᠤᠨ ᠤ ᠭᠤᠤᠯ ᠰᠡᠳᠦᠪᠲᠦ ᠬᠥᠮᠦᠵᠢᠯ ᠤᠨ ᠳᠠᠷᠠᠭᠠᠴᠢ ᠶᠢᠨ ᠠᠯᠬᠤᠮ ᠤᠨ

ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃

     ᠨᠢᠭᠡ ᠳᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ

ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠬᠤᠷᠢᠳᠤᠭᠠᠷ ᠶᠡᠭᠡ

ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ

ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ

ᠪᠠᠶᠢᠭᠤᠯᠬᠤ︾ ᠭᠡᠬᠦ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠭᠡᠰᠢᠭᠦᠨ᠂ ᠺᠠᠳ᠋ᠷᠴᠤᠳ ᠢ

ᠬᠦᠳᠦᠯᠦᠨ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ

ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠬᠤ

ᠬᠡᠷᠡᠭᠲᠡᠢ᠃ ᠡᠭᠦᠨ ᠤ ᠬᠠᠮᠲᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠨᠠᠮ ᠤᠨ ᠬᠤᠷᠢᠳᠤᠭᠠᠷ ᠶᠡᠭᠡ

ᠬᠤᠷᠠᠯ ᠤᠨ ᠢᠯᠡᠳᠬᠡᠯ᠂ ᠨᠠᠮ ᠤᠨ ᠳᠦᠷᠢᠮ ᠵᠡᠷᠭᠡ ᠶᠢ ᠨᠢᠭᠡᠳᠦᠯᠲᠡᠢ ᠤᠩᠰᠢᠵᠤ᠂ ᠲᠤᠰᠬᠠᠢ ᠰᠡᠳᠦᠪᠲᠦ ᠨᠠᠮ ᠤᠨ

ᠬᠢᠴᠢᠶᠡᠯ ᠣᠷᠣᠵᠤ᠂ ᠣᠶᠢᠯᠠᠭᠠᠯᠲᠠ ᠪᠠᠨ ᠭᠦᠨᠵᠡᠭᠡᠶᠢᠷᠡᠭᠦᠯᠬᠦ ᠶᠢᠨ ᠬᠠᠮᠲᠤ ᠰᠤᠷᠤᠯᠴᠠᠯᠭ᠎ᠠ ᠶᠢᠨ ᠲᠡᠮᠳᠡᠭᠯᠡᠯ ᠢᠶᠠᠨ

ᠰᠠᠶᠢᠲᠤᠷ ᠬᠢᠬᠦ ᠬᠡᠷᠡᠭᠲᠡᠢ᠃

    ᠬᠤᠶᠠᠷ ᠲᠤ᠂ ᠠᠵᠢᠯ ᠬᠢᠵᠦ ᠦᠢᠯᠡᠰ ᠪᠤᠰᠬᠠᠬᠤ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃

ᠡᠯ᠎ᠡ ᠲᠣᠰᠬᠤᠨ ᠭᠤᠣᠯ ᠠᠵᠢᠯ ᠪᠣᠯᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂

ᠨᠠᠮ ᠤᠨ ᠡᠭᠦᠷ ᠤᠨ ᠡᠭᠦᠳᠦᠨ ᠪᠠᠶᠢᠭᠤᠯᠤᠯᠲᠠ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ

ᠬᠦᠳᠦᠯᠦᠨ ᠵᠢᠯᠣᠭᠤᠳᠴᠤ ᠪᠠᠶᠢᠭᠠᠳ ᠤᠯᠠᠨ ᠲᠦᠮᠡᠨ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ

ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠯᠭᠡᠵᠦ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠦᠶ᠎ᠡ ᠳᠤ

ᠡᠮᠦᠨ᠎ᠡ ᠨᠢ ᠭᠠᠪᠰᠢᠭᠠᠶᠢᠯᠠᠵᠤ᠂ ᠤᠯᠠᠨ ᠲᠦᠮᠡᠨ ᠤ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂

ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ

ᠶᠠᠪᠤᠳᠠᠯ ᠰᠠᠶᠢᠨ ᠶᠠᠪᠤᠳᠠᠯ ᠬᠢᠵᠦ ᠥᠭᠬᠦ ᠬᠡᠷᠡᠭᠲᠡᠢ᠃

     ᠭᠤᠷᠪᠠ ᠳᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠵᠤ ᠦᠨᠡᠨ ᠢ ᠪᠠᠷᠢᠮᠲᠠᠯᠠᠨ ᠪᠣᠳᠠᠲᠠᠶ ᠶᠢ

ᠡᠷᠬᠢᠮᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠲᠣᠰᠬᠤᠨ ᠤ ᠬᠢᠨ ᠪᠠᠶᠢᠴᠠᠭᠠᠨ ᠦᠵᠡᠵᠦ ᠴᠡᠭᠴᠡᠯᠡᠨ

ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠣᠭᠤᠰᠢᠯᠠᠭᠤᠯᠵᠦ᠂ ᠰᠤᠷᠤᠯᠴᠠᠬᠤ᠂

ᠬᠠᠷᠭᠤᠭᠤᠯᠬᠤ ᠶᠢᠨ ᠳᠠᠭᠠᠤ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠤᠨ

ᠳᠤᠲᠠᠭᠤᠳᠠᠯ ᠢ ᠣᠨᠣᠪᠴᠢᠲᠠᠢ ᠪᠠᠶᠢᠴᠠᠭᠠᠨ ᠳᠣᠲᠣᠯᠠᠬᠤ ᠶᠢ ᠴᠢᠩᠭᠠᠳᠬᠠᠵᠤ᠂ ᠠᠰᠠᠭᠤᠳᠠᠯ ᠢ ᠪᠠᠶᠢᠴᠠᠭᠠᠨ ᠦᠵᠡᠬᠦ ᠶᠢ

ᠴᠢᠩᠭᠠᠳᠬᠠᠵᠤ᠂ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ

ᠰᠠᠶᠢᠲᠤᠷ ᠬᠢᠵᠦ᠂ ᠨᠠᠮ ᠤᠨ ᠭᠡᠰᠢᠭᠦᠨ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠪ

ᠴᠢᠩᠭ᠎ᠠ ᠰᠤᠷᠭᠠᠨ ᠬᠥᠮᠦᠵᠢᠯ ᠢᠶᠠᠷ ᠦᠵᠡᠯ ᠰᠠᠨᠠᠭ᠎ᠠ ᠪᠠᠨ ᠲᠥᠪ ᠴᠢᠩᠭ᠎ᠠ ᠪᠣᠯᠭᠠᠵᠤ᠂ ᠴᠢᠩᠭ᠎ᠠ ᠴᠡᠭᠴᠡᠯᠡᠬᠦ ᠪᠠᠷ

ᠵᠣᠬᠢᠶᠠᠨ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢ ᠰᠠᠨᠠᠭ᠎ᠠ ᠠᠮᠤᠷ᠂ ᠤᠯᠠᠨ ᠲᠦᠮᠡᠨ ᠢ ᠰᠡᠳᠬᠢᠯ ᠬᠠᠨᠤᠮᠵᠢᠲᠠᠢ

ᠪᠣᠯᠭᠠᠬᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠭᠤᠤᠯ ᠰᠡᠳᠦᠪᠲᠦ ᠬᠥᠮᠦᠵᠢᠯ ᠤᠨ ᠳᠤᠭᠤᠶᠢᠯᠠᠩ ᠤᠨ ᠳᠠᠷᠤᠭ᠎ᠠ᠂ ᠪᠠᠯᠭᠠᠰᠤᠨ ᠤ ᠨᠠᠮ ᠤᠨ ᠬᠤᠷᠢᠶᠠᠨ ᠤ

ᠱᠦᠵᠢ ᠾᠧ ᠯᠢᠶᠠᠨ ᠾᠧᠦ ᠱᠠᠭᠠᠷᠳᠠᠭᠰᠠᠨ ᠨᠢ᠂ ᠮᠠᠨ ᠤ ᠪᠠᠯᠭᠠᠰᠤ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠨᠡᠶᠢᠭᠡᠮ ᠤᠨ

ᠵᠥᠷᠢᠴᠡᠯ ᠢ ᠠᠷᠢᠯᠭᠠᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ

ᠬᠦᠴᠦᠷᠬᠡᠭᠵᠢᠭᠦᠯᠬᠦ ᠵᠡᠷᠭᠡ ᠠᠵᠢᠯ ᠤᠨ ᠲᠣᠭᠤᠷᠢᠨ ᠳᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ

ᠬᠡᠷᠡᠭᠲᠡᠶ᠃ ᠡᠯ᠎ᠡ ᠲᠣᠰᠬᠤᠨ ᠤ ᠨᠠᠰᠤ ᠠᠬᠠᠰᠢᠷᠠᠵᠤ ᠪᠡᠶ᠎ᠡ   ᠠᠨᠠᠢ ᠨᠠᠮ ᠤᠨ ᠭᠡᠰᠢᠭᠦᠨ ᠳᠤ ᠰᠤᠷᠤᠯᠴᠠᠯᠭ᠎ᠠ ᠶᠢ

ᠬᠡᠷ ᠲᠤᠨᠢ ᠬᠦᠷᠭᠡᠬᠦ᠂ ᠬᠤᠤᠰᠯᠠᠨ ᠬᠠᠪᠰᠤᠷᠤᠨ ᠲᠡᠳᠬᠦᠬᠦ ᠠᠷᠭ᠎ᠠ ᠬᠡᠯᠪᠡᠷᠢ ᠶᠢ ᠠᠪᠴᠤ᠂ ᠰᠠᠭᠤᠷᠢᠰᠢᠯ ᠲᠠᠷᠠᠬᠠᠶ

ᠪᠤᠲᠠᠷᠬᠠᠶ ᠨᠠᠮ ᠤᠨ ᠭᠡᠰᠢᠭᠦᠨ ᠢ ᠨᠠᠮ ᠤᠨ ᠭᠡᠰᠢᠭᠦᠨ ᠤ ᠭᠤᠤᠯ ᠡᠷᠦᠬᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ

ᠠᠷᠭ᠎ᠠ ᠬᠡᠯᠪᠡᠷᠢ ᠪᠠᠷ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃

ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ

ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠦᠨᠳᠦᠰᠦᠨ

ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠤᠯᠠᠨ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ

ᠪᠦᠲᠦᠮᠵᠢ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠲᠤᠰ ᠤᠳᠠᠭᠠᠨ ᠤ ᠭᠤᠣᠯ

ᠰᠡᠳᠦᠪᠲᠦ ᠬᠥᠮᠦᠵᠢᠯ ᠤᠨ ᠠᠵᠢᠯ ᠢ ᠴᠢᠨᠠᠭᠰᠢᠳᠠ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃

     

           ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

          ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号