ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠡᠭᠡᠷᠡᠲᠦ ᠬᠤᠲᠠ ᠪᠠᠯᠭᠠᠰᠤᠨ ᠳᠤ ᠭᠦᠨᠵᠡᠭᠡᠶᠢᠷᠡᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/10/17
            ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠰᠢᠪᠠᠳᠠᠨ ᠪᠠᠶᠢᠴᠠᠭᠠᠬᠤ ᠲᠠᠰᠤᠭ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠴᠢᠶᠠᠩ ᠨᠠᠷ ᠵᠡᠭᠡᠷᠡᠲᠦ ᠬᠤᠲᠠ ᠪᠠᠯᠭᠠᠰᠤᠨ ᠤ ᠵᠣᠯ ᠵᠢᠷᠭᠠᠯ ᠤᠨ ᠬᠦᠷᠢᠶᠡᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠳ᠋ᠦᠩ ᠰᠢᠤᠸᠠᠢ ᠴᠢᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠡᠭᠡᠷᠡᠲᠦ ᠬᠤᠲᠠ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ ᠮᠧᠩ ᠴᠢᠩ ᠢᠦᠶ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠳ᠋ᠧᠩ ᡁᠢ ᠶᠦᠩ ᠵᠡᠷᠭᠡ ᠬᠥᠮᠦᠰ ᠪᠠᠷ᠎ᠠ ᠪᠣᠯᠵᠣ ᠰᠢᠪᠠᠳᠠᠨ ᠪᠠᠶᠢᠴᠠᠭᠠᠪᠠ᠃

     ᠯᠢᠦ ᠴᠢᠶᠠᠩ ᠨᠠᠷ ᠬᠡᠷ ᠪᠠᠶᠢᠰᠢᠩ ᠵᠠᠰᠠᠬᠤ᠂ ᠵᠠᠮ ᠵᠠᠰᠠᠬᠤ᠂ ᠬᠦᠷᠢᠶ᠎ᠡ ᠬᠠᠰᠢᠶ᠎ᠠ ᠵᠠᠰᠠᠬᠤ ᠪᠠᠷᠢᠯᠭ᠎ᠠ ᠶᠢᠨ

ᠠᠬᠢᠴᠠ ᠵᠢᠴᠢ ᠪᠠᠷᠢᠯᠭ᠎ᠠ ᠶᠢᠨ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂

ᠡᠷᠦᠬᠡ ᠳᠤ ᠣᠷᠣᠵᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠤᠭᠰᠠᠷᠠᠯᠲᠠ᠂ ᠬᠡᠷᠡᠭᠯᠡᠯᠲᠡ᠂ ᠵᠦᠶ

ᠵᠣᠬᠢᠰᠲᠠᠶ ᠴᠢᠨᠠᠷ ᠵᠡᠷᠭᠡ ᠪᠠᠶᠢᠳᠠᠯ ᠢ ᠣᠶᠢᠯᠠᠭᠠᠪᠠ᠃ ᠯᠢᠦ ᠴᠢᠶᠠᠩ  ᠠᠴᠠ ︽ᠭᠤᠷᠪᠠ ᠶᠢ ᠵᠠᠰᠠᠵᠤ ᠭᠤᠷᠪᠠ ᠶᠢ

ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠪᠣᠯ ᠶᠡᠷᠦᠩᠬᠡᠶ ᠱᠦᠵᠢ ᠰᠢ ᠶᠢᠨ

ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠨ ᠲᠠᠯ᠎ᠠ ᠠᠴᠠ ᠪᠣᠳᠣᠯᠬᠢᠯᠠᠵᠤ᠂ ᠢᠨᠵᠧᠨᠧᠷᠢᠩ ᠤᠨ ᠪᠥᠲᠥᠭᠡᠨ

ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠦᠨᠡᠨ ᠪᠣᠳᠠᠲᠠᠶ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ

ᠣᠯᠵᠤ᠂ ᠠᠷᠠᠳ ᠤᠨ ᠢᠲᠡᠭᠡᠯ ᠢ ᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃

     

               ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

              ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号