ᠠᠭᠤᠷ ᠠᠮᠢᠰᠭᠤᠯ ᠭᠦᠢᠳᠡᠷᠡᠬᠦ ᠶᠢ ᠳᠠᠭᠠᠯᠳᠤᠨ᠂ ᠡᠪᠦᠯ ᠤᠨ ᠤᠯᠠᠷᠢᠯ ᠳᠤ ᠨᠡᠭᠦᠷᠡᠰᠦ ᠬᠤᠳᠠᠯᠳᠤᠨ | ᠠᠪᠴᠤ ᠲᠤᠯᠠᠭᠠᠯᠠᠬᠤ ᠨᠢ ᠣᠯᠠᠨ ᠲᠦᠮᠡᠨ ᠤ ᠬᠠᠮᠤᠭ ᠠᠴᠠ ᠰᠡᠳᠭᠢᠯ ᠲᠠᠯᠪᠢᠬᠤ ᠶᠠᠪᠤᠳᠠᠯ ᠪᠣᠯᠵᠠᠢ᠃ ᠥᠨᠥ ᠡᠪᠦᠯ | ᠢᠷᠡᠬᠦ ᠬᠠᠪᠤᠷ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠦᠨᠡᠨ | ᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤ ᠡᠯ᠎ᠡ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ ᠨᠡᠭᠦᠷᠡᠰᠦ ᠬᠡᠷᠡᠭᠯᠡᠬᠦ ᠬᠡᠷᠡᠭᠴᠡᠭᠡ ᠶᠢᠨ ᠪᠦᠷᠢᠳᠬᠡᠯ ᠢ | ᠡᠮᠬᠢ ᠵᠢᠷᠤᠮ ᠲᠠᠢ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠨᠡᠭᠦᠷᠡᠰᠦ ᠬᠡᠷᠡᠭᠯᠡᠬᠦ ᠬᠡᠮᠵᠢᠶ᠎ᠡ᠂ ᠬᠤᠳᠠᠯᠳᠤᠨ | ᠠᠪᠬᠤ ᠬᠠᠩᠭᠠᠯᠭ᠎ᠠ᠂ ᠪᠣᠷᠣᠯᠠᠭᠤᠯᠵᠤ ᠲᠣᠬᠢᠷᠠᠭᠤᠯᠤᠨ ᠬᠦᠷᠭᠡᠬᠦ᠂ ᠦᠨ᠎ᠡ ᠬᠠᠩᠰᠢ ᠶᠢ ᠬᠢᠨᠠᠠ ᠬᠠᠮᠢᠶᠠᠷᠬᠤ ᠵᠡᠷᠭᠡ | ᠪᠠᠶᠢᠳᠠᠯ ᠢ ᠲᠡᠷᠡ ᠳᠠᠷᠤᠶ ᠳᠤᠨᠢ ᠣᠨᠣᠪᠴᠢᠲᠠᠶ ᠡᠵᠡᠮᠰᠢᠵᠦ᠂ ᠲᠠᠷᠢᠶᠠᠴᠢᠨ ᠲᠦᠮᠡᠨ ᠤ ︽ᠨᠡᠭᠦᠷᠡᠰᠦ ᠰᠢᠲᠠᠭᠠᠬᠤ | ᠪᠠᠴᠢᠮ ᠪᠠᠶᠢᠳᠠᠯ︾ ᠢ ᠰᠢᠢᠳᠪᠦᠷᠢᠯᠡᠵᠦ᠂ ᠨᠢᠭᠡ ᠡᠷᠦᠬᠡ ᠢᠯᠠᠩᠭᠤᠶ᠎ᠠ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ | ᠪᠠᠶᠢᠬᠤ ᠶᠢ ᠪᠡᠶᠡᠯᠡᠭᠦᠯᠪᠡ᠃ | | | | | ᠣᠯᠠᠨ ᠲᠦᠮᠡᠨ ᠤ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠣᠨᠣᠪᠴᠢᠲᠠᠶ ᠡᠵᠡᠮᠰᠢᠭᠰᠡᠨ ᠰᠠᠭᠤᠷᠢᠨ ᠳᠡᠭᠡᠷ᠎ᠡ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠡᠭᠦᠷᠡᠰᠦ ᠬᠠᠩᠭᠠᠬᠤ ᠨᠢᠭᠡᠴᠡ ᠲᠠᠢ ᠢᠳᠡᠪᠬᠢᠲᠡᠢ ᠬᠠᠷᠢᠯᠴᠠᠵᠦ᠂ ︽ | ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢ ᠲᠣᠬᠢᠷᠠᠭᠤᠯᠬᠤ᠂ ᠵᠥᠭᠡᠭᠡᠪᠦᠷᠢᠯᠡᠬᠦ ᠪᠠ ᠲᠠᠷᠬᠠᠭᠠᠬᠤ ᠵᠡᠷᠭᠡ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢ ᠴᠠᠭ | ᠲᠤᠬᠠᠶ ᠳᠤᠨᠢ ᠲᠤᠰᠬᠤᠨ ᠤ ᠠᠷᠠᠳ ᠤᠨ ᠭᠡᠷ ᠲᠤ ᠭᠦᠷᠭᠡᠨ᠎ᠡ᠂ ︽ ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢ | ᠳᠦᠭᠦᠷᠲᠡᠯ᠎ᠡ ᠲᠡᠭᠡᠭᠡᠭᠰᠡᠨ ᠨᠢᠭᠡ ᠲᠡᠷᠭᠡ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 12 ᠰᠢᠶᠠᠩ | ᠪᠠᠯᠭᠠᠰᠤᠨ ᠳᠤ ᠬᠦᠷᠦᠭᠰᠡᠨ ᠤ ᠳᠠᠷᠠᠭ᠎ᠠ᠂ ᠵᠢᠩᠯᠡᠬᠦ᠂ ᠨᠡᠭᠦᠷᠡᠰᠦ ᠪᠠᠭᠤᠯᠭᠠᠬᠤ᠂ ᠲᠡᠷᠭᠡᠨ ᠳᠤ ᠠᠴᠢᠶᠠᠯᠠᠬᠤ᠂ | ᠲᠠᠷᠬᠠᠭᠠᠬᠤ ᠵᠡᠷᠭᠡ ᠪᠠᠷ ᠶᠠᠭᠠᠷᠠᠯᠳᠤᠭᠰᠠᠨ ᠴᠦ ᠲᠤᠬᠠᠶ ᠶᠢᠨ ᠲᠠᠯᠠᠪᠠᠢ ᠨᠢ ᠡᠮᠬᠢ ᠵᠢᠷᠦᠮ ᠲᠠᠢ ᠪᠠᠷ ᠶᠠᠪᠤᠭᠳᠠᠵᠤ | ᠪᠠᠶᠢᠯ᠎ᠠ᠃ | | | | | ᠬᠥᠬᠡᠪᠦᠷ ᠪᠠᠯᠭᠠᠰᠤᠨ ᠤ ᠢ ᠱᠧᠩ ᠾᠧ ᠵᠠᠰᠠᠭ ᠵᠠᠬᠢᠷᠭᠠᠨ ᠤ ᠲᠣᠰᠬᠤᠨ ᠤ ᠬᠤᠸᠠ ᠲᠠᠢ ᠲᠣᠰᠬᠤᠨ ᠤ | ᠠᠷᠠᠳ ᠵᠠᠩ ᠴᠢᠤᠸᠠᠨ ᠸᠧᠨ᠄ ︽ᠵᠠᠰᠠᠭ ᠤᠨ ᠣᠷᠳᠣᠨ ᠤ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ | ᠪᠠᠶᠢᠨ᠎ᠠ᠂ ᠮᠠᠨᠤᠰ ᠭᠡᠷᠡᠭᠰᠡᠬᠦ ᠦᠶ᠎ᠡ ᠳᠤ ᠵᠠᠰᠠᠭ ᠤᠨ ᠣᠷᠳᠣᠨ ᠠᠴᠠ ᠶᠡᠭᠡ ᠬᠠᠪᠰᠤᠷᠤᠯᠭ᠎ᠠ ᠲᠡᠮᠵᠢᠯᠭᠡ ᠦᠵᠡᠭᠦᠯᠵᠦ | ᠪᠠᠶᠢᠨ᠎ᠠ᠂ ᠤᠨᠴᠠᠭᠠᠶᠢᠯᠠᠨ ᠡᠨᠡ ᠵᠢᠯ ᠶᠢᠨ ᠲᠤᠯᠠᠭᠠᠯᠠᠭ᠎ᠠ ᠶᠢᠨ ᠨᠡᠭᠦᠷᠡᠰᠦ ᠮᠠᠰᠢ ᠰᠠᠶᠢᠨ ᠮᠥᠷᠲᠡᠭᠡᠨ ᠨᠤᠴᠤᠬᠤ ᠳᠠᠭᠠᠨ | ᠴᠦ ᠰᠠᠶᠢᠨ᠂ ᠪᠢᠳᠡ ᠮᠠᠰᠢ ᠪᠠᠶᠠᠷᠯᠠᠵᠤ ᠪᠠᠶᠢᠨ᠎ᠠ︾ ᠭᠡᠯ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠼᠤᠤ ᠶᠠᠨ ᠵᠢᠶᠧ ᠬᠡᠯᠡᠬᠦ ᠳᠡᠭᠡᠨ᠄ ︽ᠪᠢᠳᠡ | ︿ᠰᠡᠳᠬᠢᠯ ᠢ ᠲᠤᠯᠠᠭᠠᠴᠠᠭᠤᠯᠬᠤ ᠨᠡᠭᠦᠷᠡᠰᠦ﹀ ᠶᠢᠨ ᠬᠡᠷᠡᠭᠴᠡᠭᠡᠨ ᠤ ᠬᠡᠮᠵᠢᠶ᠎ᠡ᠂ ᠲᠤᠭ᠎ᠠ ᠪᠦᠷᠢᠳᠬᠡᠯ ᠤᠨ ᠬᠢᠨᠠᠨ | ᠬᠠᠷᠭᠤᠭᠤᠯᠬᠤ᠂ ᠦᠨ᠎ᠡ ᠲᠣᠭᠲᠠᠭᠠᠬᠤ᠂ ᠬᠤᠳᠠᠯᠳᠤᠨ ᠠᠪᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠵᠦᠭᠡᠭᠡᠪᠤᠷᠢᠯᠡᠵᠦ ᠲᠠᠷᠬᠠᠭᠠᠬᠤ ᠵᠡᠷᠭᠡ ᠡᠯ᠎ᠡ ᠭᠤᠭᠴᠤᠭ᠎ᠠ ᠳᠤ ᠮᠥᠷᠳᠡᠨ ᠬᠢᠨᠠᠨ ᠪᠠᠶᠢᠴᠠᠭᠠᠯᠲᠠ ᠬᠢᠵᠦ᠂ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠪᠠᠳᠣᠯᠠᠨ᠎ᠠ︾ ᠭᠡᠪᠡ | ᠃ | | | | | ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠭᠰᠠᠨ ᠨᠢ ᠣᠯᠠᠨ ᠲᠦᠮᠡᠨ ᠤ ︽ᠨᠡᠭᠦᠷᠡᠰᠦ | ᠲᠦᠯᠡᠬᠦ︾ ᠪᠠᠴᠢᠮ ᠪᠠᠶᠢᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠦᠷᠭᠡᠪᠡ᠃ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤ ᠣᠯᠠᠨ ᠲᠦᠮᠡᠨ ᠤ ᠪᠣᠳᠠᠲᠤ ᠪᠠᠶᠢᠳᠠᠯ ᠢ ᠨᠢᠭᠲᠠ ᠠᠩᠬᠠᠷᠴᠤ᠂ ᠣᠯᠠᠨ ᠲᠦᠮᠡᠨ ᠤ ᠡᠪᠦᠯ ᠢ | ᠥᠩᠭᠡᠷᠡᠭᠡᠬᠦ ᠨᠡᠭᠦᠷᠡᠰᠦ ᠶᠢ ᠴᠢᠩᠭ᠎ᠠ ᠠᠩᠬᠠᠷᠴᠤ᠂ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢ ᠴᠠᠭ | ᠲᠤᠬᠠᠶ ᠳᠤᠨᠢ ᠪᠣᠳᠠᠲᠠᠶ ᠣᠯᠭᠤᠬᠤ ᠶᠢ ᠪᠠᠲᠤᠯᠠᠵᠤ᠂ ᠣᠯᠠᠨ ᠲᠦᠮᠡᠨ ᠤ ︽ᠳᠤᠯᠠᠭᠠᠨ ᠡᠪᠦᠯᠵᠢᠬᠦ︾ ᠶᠢ ᠪᠥᠬᠦ | ᠬᠦᠴᠦᠨ ᠢᠶᠠᠷ ᠢᠶᠠᠨ ᠪᠠᠳᠤᠯᠠᠬᠤ ᠪᠤᠯᠤᠨ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | | |