ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃ | 2023 ᠣᠨ ᠤ 7 ᠰᠠᠷ᠎ᠠ ᠶᠢᠨ 13 ᠤ ᠡᠳᠦᠷ | ᠬᠠᠭᠤᠯᠤᠨ ᠬᠦᠷᠭᠡᠬᠦ᠄ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ | 2023 ᠣᠨ ᠤ 7 ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ | ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶ ᠶᠢ | ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇ | 2020﹈ 11 ᠳ᠋ᠤᠭᠡᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ | ᠠᠭᠤᠷ ᠤᠨ ᠲᠣᠪᠴᠢᠶ᠎ᠠ ᠶᠢᠨ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — | 2035 ᠣᠨ︶︾ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ ︵ | 2023 — 2025 ᠣᠨ︶ ᠤᠨ ᠱᠠᠭᠠᠷᠳᠠᠯᠭ᠎ᠠ ᠶᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠬᠤ ᠶᠢᠨ ᠲᠥᠯᠥᠭᠡ᠂ 2023 ᠣᠨ ᠤ 7 ᠳ᠋ᠤᠭᠠᠷ ᠰᠠᠷ᠎ᠠ ᠶᠢᠨ 13 ᠤ ᠡᠳᠦᠷ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ | ᠲᠥᠪ ᠵᠠᠰᠠᠭ ᠲᠠᠷᠬᠠᠭᠠᠭᠰᠠᠨ ﹇2020﹈ 46 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠨᠡ ᠪᠣᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠪᠢᠴᠢᠭ | ᠮᠠᠲ᠋ᠧᠷᠢᠶᠠᠯ ᠪᠣᠯᠤᠨ᠎ᠠ᠃ | ᠪᠦᠬᠦ ᠪᠥᠮᠪᠥᠷᠴᠡᠭ ᠤᠨ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠣᠨᠴᠠᠭᠠᠢ ᠴᠠᠭ ᠠᠭᠤᠷ | ᠤᠯᠠᠰᠢᠷᠠᠵᠤ᠂ ᠪᠠᠶᠢᠨ ᠳᠠᠬᠢᠨ ᠡᠭᠦᠰᠴᠦ᠂ ᠠᠵᠤ ᠠᠬᠤᠶ ᠨᠡᠶᠢᠭᠡᠮ ᠤᠨ ᠬᠥᠭᠵᠢᠯᠲᠡ ᠬᠢᠭᠡᠳ ᠴᠠᠭ ᠠᠭᠤᠷ ᠤᠨ | ᠨᠥᠯᠥᠭᠡ ᠶᠢᠨ ᠰᠡᠷᠭᠡᠭ ᠴᠢᠨᠠᠷ ᠪᠠ ᠬᠤᠯᠪᠣᠭᠳᠠᠬᠤ ᠴᠢᠨᠠᠷ ᠤᠯᠠᠮ ᠠᠴᠠ ᠤᠯᠠᠮ ᠴᠢᠩᠭᠠᠷᠠᠵᠤ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠳᠤ ᠦᠵᠡᠭᠦᠯᠬᠦ ᠬᠡᠷᠡᠭᠴᠡᠭᠡ ᠤᠯᠠᠮ ᠠᠴᠠ ᠤᠯᠠᠮ | ᠨᠠᠷᠢᠯᠢᠭ ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠳᠤ | ᠲᠠᠯᠪᠢᠬᠤ ᠱᠠᠭᠠᠷᠳᠠᠯᠭ᠎ᠠ ᠤᠯᠠᠮ ᠠᠴᠠ ᠤᠯᠠᠮ ᠲᠣᠯᠭᠠᠮ᠎ᠠ ᠪᠣᠯᠵᠤ ᠪᠠᠶᠢᠨ᠎ᠠ᠃ ᠭᠡᠪᠡᠴᠦ ᠰᠢᠨ᠎ᠡ ᠬᠥᠭᠵᠢᠯᠲᠡ ᠶᠢᠨ | ᠱᠠᠲᠤᠨ ᠤ ᠴᠠᠭ ᠠᠭᠤᠷ ᠤᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠲᠠᠢ ᠬᠠᠷᠢᠴᠠᠭᠤᠯᠪᠠᠯ᠂ ᠮᠠᠨ ᠤ | ᠬᠤᠰᠢᠭᠤᠨ ᠤ ᠴᠠᠭ ᠠᠭᠤᠷ ᠤᠨ ᠬᠥᠭᠵᠢᠯᠲᠡ ᠳᠤ ᠪᠠᠰᠠ ᠪᠠᠭ᠎ᠠ ᠪᠤᠰᠤ ᠵᠥᠷᠢᠶ᠎ᠡ ᠣᠷᠣᠰᠢᠵᠤ᠂ ᠴᠠᠭ ᠠᠭᠤᠷ ᠤᠨ | ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠨᠢ ᠲᠦᠢᠯ ᠤᠨ ᠴᠢᠬᠤᠯᠠ ᠪᠥᠭᠡᠳ ᠲᠤᠯᠭᠠᠮ᠎ᠠ ᠶᠠᠪᠤᠳᠠᠯ | ᠪᠣᠯᠤᠨ᠎ᠠ᠃ ︽ᠬᠡᠷᠡᠭᠵᠢᠭᠦᠯᠬᠦ ᠰᠠᠨᠠᠯ︾ ᠳᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠵᠢᠯᠤᠭᠤᠳᠬᠤ | ᠦᠵᠡᠯ ᠰᠠᠨᠠᠭ᠎ᠠ ᠶᠢ ᠳᠤᠷᠠᠳᠴᠤ᠂ 2025 ᠣᠨ ᠪᠣᠯᠳᠠᠯᠠᠬᠢ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠠ | 2035 ᠣᠨ ᠤ ᠠᠯᠤᠰ ᠤᠨ ᠬᠠᠷᠠᠯᠲᠠ ᠶᠢ ᠲᠣᠳᠣᠷᠬᠠᠶᠢᠯᠠᠪᠠ᠂ ᠡᠨᠡ ᠨᠢ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭᠠᠨ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ ᠭᠡᠵᠦ ᠲᠣᠳᠣᠷᠬᠠᠶᠢᠯᠠᠪᠠ᠃ | ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠢ︖ | ︽ᠬᠡᠷᠡᠭᠵᠢᠭᠦᠯᠬᠦ ᠰᠠᠨᠠᠯ︾ ᠨᠡᠶᠢᠲᠡ ᠭᠤᠷᠪᠠᠨ ᠬᠡᠰᠡᠭ᠃ | ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠨ ᠦᠬᠦᠯᠡᠪᠡ᠃ ᠵᠢᠯᠣᠭᠤᠳᠬᠤ ᠦᠵᠡᠯ | ᠰᠠᠨᠠᠭ᠎ᠠ ᠪᠣᠯᠤᠨ ᠬᠥᠭᠵᠢᠯ ᠤᠨ ᠬᠠᠷᠠᠯᠲᠠ ᠶᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ ᠨᠢ ᠭᠤᠣᠯ ᠡᠭᠦᠷᠭᠡ ᠪᠣᠯᠣᠨ᠎ᠠ᠃ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠬᠤ᠂ ᠴᠠᠭ ᠠᠭᠤᠷ ᠤᠨ | ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ᠂ ᠴᠠᠭ ᠠᠭᠤᠷ ᠤᠨ | ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ 7 | ᠲᠠᠯ᠎ᠠ ᠪᠠᠷ 19 ᠵᠦᠢᠯ ᠤᠨ ᠬᠥᠭᠵᠢᠯᠲᠡ ᠶᠢᠨ ᠡᠭᠦᠷᠭᠡ ᠶᠢ ᠳᠤᠷᠠᠳᠪᠠ᠃ | ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠭᠦᠨ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ | ᠴᠢᠩᠭᠠᠳᠬᠠᠬᠤ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠬᠤ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ | ᠂ ᠠᠵᠢᠯ ᠤᠨ ᠦᠨᠡᠯᠡᠯᠲᠡ ᠶᠢ ᠴᠢᠩᠭᠠᠳᠬᠠᠬᠤ ᠵᠡᠷᠭᠡ 5 ᠲᠠᠯ᠎ᠠ ᠶᠢ ᠪᠠᠭᠲᠠᠭᠠᠨ᠎ᠠ᠃ | ᠭᠤᠷᠪᠠ᠂ ᠪᠢᠴᠢᠭ ᠮᠠᠲ᠋ᠧᠷᠢᠶᠠᠯ ᠳᠤ 2025 ᠣᠨ᠂ 2035 ᠣᠨ ᠪᠣᠯᠬᠤ ᠳᠤ ᠴᠠᠭ ᠠᠭᠤᠷ ᠤᠨ ᠴᠢᠨᠠᠷ | ᠰᠠᠶᠢᠲᠠᠶ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠂ ᠡᠨᠡ ᠬᠦ ᠬᠠᠷᠠᠯᠲᠠ ᠶᠢ ᠬᠡᠷᠬᠢᠨ ᠲᠣᠭᠲᠠᠭᠠᠭᠰᠠᠨ | ᠪᠣᠶ︖ | ᠬᠠᠷᠠᠯᠲᠠ ᠳᠤᠷᠠᠳᠤᠭᠰᠠᠨ ᠨᠢ᠂ ᠨᠢᠭᠡ ᠳᠤ᠂ ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ | ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠴᠠᠭ ᠠᠭᠤᠷ ᠤᠨ ᠠᠵᠢᠯ ᠤᠨ ︽ᠠᠮᠢ ᠨᠠᠰᠤᠨ ᠤ ᠠᠮᠤᠷ | ᠲᠦᠪᠰᠢᠨ᠂ ᠦᠢᠯᠡᠳᠪᠦᠷᠢᠯᠡᠯ ᠬᠦᠭᠵᠢᠯᠳᠡ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ︾ | ᠰᠠᠭᠤᠷᠢ ᠴᠢᠨᠠᠷᠲᠠᠢ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠳᠠᠯ ᠢ ᠪᠦᠬᠦ ᠲᠠᠯ᠎ᠠ ᠪᠠᠷ ᠴᠣᠨᠨᠴᠠᠯᠠᠨᠠ᠃ | ᠬᠤᠶᠠᠷ ᠲᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠳᠣᠬᠢᠴᠢᠯᠠᠭᠰᠠᠨ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ᠣᠶᠢᠷ᠎ᠠ ᠶᠢᠨ ᠬᠤᠭᠤᠴᠠᠭ᠎ᠠ ᠪᠠ | ᠠᠯᠤᠰ ᠤᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ | ᠥᠷᠲᠡᠭ ᠢ ᠭᠦᠨᠵᠡᠭᠡᠶ ᠠᠭᠤᠳᠠᠯᠵᠤ᠂ ᠴᠠᠭ ᠠᠭᠤᠷ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ | ᠶᠠᠰᠤ ᠴᠢᠨᠠᠷ ᠦᠷ᠎ᠡ ᠠᠰᠢᠭ ᠬᠦᠷᠦᠯᠴᠡᠬᠦ ᠥᠬᠡᠶ᠂ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠢᠰᠢ ᠵᠡᠷᠭᠡ | ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠵᠤ ᠠᠬᠤᠶ ᠶᠢᠨ ᠯᠠᠪᠳᠠᠭᠤᠨ ᠢᠶᠠᠷ ᠬᠤᠯᠠ ᠠᠶᠠᠯᠠᠬᠤ᠂ ᠨᠡᠶᠢᠭᠡᠮ ᠤᠨ | ᠠᠮᠤᠷ ᠲᠣᠭᠲᠠᠭᠤᠨ ᠡᠶ᠎ᠡ ᠵᠣᠬᠢᠴᠠᠯ ᠳᠤ ᠨᠠᠩ ᠬᠦᠴᠦᠲᠡᠶ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ | ᠬᠡᠷᠡᠭᠲᠡᠶ᠃ ᠭᠤᠷᠪᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ | ᠲᠣᠪᠴᠢᠶ᠎ᠠ ᠶᠢᠨ ᠱᠠᠭᠠᠷᠳᠠᠯᠭ᠎ᠠ ᠪᠠ ᠲᠡᠷᠢᠭᠦᠨ ᠤ ᠬᠤᠰᠢᠭᠤᠨ ᠤ ᠴᠠᠭ ᠠᠭᠤᠷ ᠤᠨ ᠬᠥᠭᠵᠢᠯᠲᠡ ᠶᠢᠨ ᠬᠢᠷᠢ | ᠲᠦᠪᠰᠢᠨ ᠢᠶᠠᠷ ᠪᠠᠷᠢᠮᠵᠢᠶᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠪᠤᠶᠢᠳᠠ ᠪᠥᠭᠯᠡᠭᠦᠤ ᠭᠠᠵᠠᠷ ᠣᠷᠣᠨ ᠤ ᠴᠠᠭ ᠠᠭᠤᠷ ᠤᠨ ᠠᠵᠢᠭᠯᠠᠯᠲᠠ ᠶᠢᠨ ᠵᠠᠭᠪᠤᠷ ᠤᠨ ᠬᠡᠷᠡᠭᠯᠡᠯᠲᠡ ᠶᠢᠨ ᠬᠢᠷᠢ | ᠲᠦᠪᠰᠢᠨ ᠥᠨᠳᠥᠷ ᠪᠢᠰᠢ᠂ ᠴᠠᠭ ᠠᠭᠤᠷ ᠤᠨ ᠦᠢᠯᠡᠴᠢᠯᠡᠭᠡᠨ ᠤ ᠨᠠᠷᠢᠯᠢᠭᠵᠢᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠴᠢᠬᠤᠯᠠᠲᠠᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ᠂ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠪᠥᠬᠦᠶ ᠰᠢᠨ᠎ᠡ ᠶᠢ ᠡᠭᠦᠳᠬᠦ ᠪᠦᠯᠬᠦᠮ | ᠨᠡᠶᠢᠲᠡ ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠲᠠᠢ ᠪᠠᠨ ᠤᠶᠠᠯᠳᠤᠭᠤᠯᠤᠨ᠂ | ᠣᠯᠠᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ 2025 ᠣᠨ᠂ 2035 ᠣᠨ ᠤ | ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠳᠤᠷᠠᠳᠪᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠲᠠᠷᠠᠭᠠᠴᠢ ᠶᠢᠨ ᠠᠯᠬᠤᠮ ᠤᠨ ᠠᠵᠢᠯ | ᠡᠯ᠎ᠡ ᠨᠢᠭᠡᠴᠡ ᠨᠦᠭᠦᠳ ᠬᠠᠷᠢᠯᠴᠠᠨ ᠬᠠᠮᠵᠢᠯᠴᠠᠵᠤ᠂ ᠤᠳᠤᠷᠢᠳᠤᠯᠭ᠎ᠠ ᠵᠣᠬᠢᠶᠠᠨ ᠪᠠᠶᠢᠭᠤᠯᠵᠤ ᠰᠢᠮᠳᠠᠭᠤᠯᠤᠨ | ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠵᠦᠢ ᠵᠣᠬᠢᠰᠲᠠᠶ ᠪᠠᠶᠢᠷᠢᠯᠠᠭᠤᠯᠵᠤ᠂ ᠬᠥᠭᠵᠢᠯᠲᠡ ᠶᠢᠨ ᠪᠦᠬᠦ | ᠲᠠᠯ᠎ᠠ ᠶᠢ ᠨᠢᠭᠡᠳᠦᠯᠲᠡᠶ ᠲᠥᠯᠥᠪᠯᠡᠨ᠂ ᠴᠠᠭ ᠠᠭᠤᠷ ᠤᠨ ᠠᠵᠢᠭᠯᠠᠯᠲᠠ ᠶᠢᠨ ᠱᠠᠭᠠᠷᠳᠠᠯᠭ᠎ᠠ ᠶᠢ ᠲᠠᠰᠤᠷᠠᠯᠲᠠ ᠤᠢᠭᠡᠢ | ᠵᠢᠷᠤᠮᠵᠢᠭᠤᠯᠬᠤ ᠬᠡᠷᠡᠭᠲᠡᠶ᠃ ᠤᠯᠠᠨ ᠬᠦᠷᠢᠶ᠎ᠡ ᠶᠢ ᠠᠭᠤᠰᠤᠯᠴᠠᠭᠤᠯᠤᠨ ᠬᠥᠭᠵᠢᠭᠦᠯᠵᠦ᠂ ᠪᠦᠬᠦ ᠬᠦᠷᠢᠶᠡᠨ ᠤ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ ᠪᠠᠰᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ | ᠬᠢᠨᠠᠨ ᠬᠡᠮᠵᠢᠯᠲᠡ ᠵᠡᠷᠭᠡ ᠦᠢᠯᠡᠴᠢᠯᠡᠭᠡ ᠶᠢ ᠵᠢᠷᠤᠮᠵᠢᠭᠤᠯᠵᠤ ᠴᠠᠭ ᠠᠭᠤᠷ ᠤᠨ ᠠᠵᠢᠯ ᠤᠨ ᠠᠮᠤᠷ ᠲᠦᠪᠰᠢᠨ ᠤ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠭᠦᠨᠵᠡᠭᠡᠶᠢᠷᠡᠭᠦᠯᠬᠦ ᠬᠡᠷᠡᠭᠲᠡᠢ᠃ | ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠨᠢᠭᠡ ᠳᠤ ᠴᠠᠭ ᠲᠤᠬᠠᠶ ᠳᠤᠨᠢ ᠨᠡᠪᠲᠡᠷᠡᠯᠴᠡᠵᠦ᠂ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠵᠤ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢ | ᠡᠵᠡᠮᠳᠡᠨ᠂ ᠡᠯ᠎ᠡ ᠵᠦᠢᠯ ᠤᠨ ᠠᠵᠢᠯ ᠤᠨ ᠬᠠᠷᠠᠯᠲᠠ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ | ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠪᠠ᠃ ᠬᠤᠶᠠᠷ ᠲᠤ᠂ ᠠᠵᠢᠯ ᠤᠨ ᠲᠣᠬᠢᠷᠠᠭᠤᠯᠤᠯᠲᠠ ᠪᠠᠨ | ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠢᠶ᠎ᠠ ᠪᠥᠬᠦᠶ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠴᠠᠭ | ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ |