| | | ᠣᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠰᠭᠢ ᠪᠠᠯᠭᠠᠰᠤᠨ ᠤ ᠰᠢᠣᠸᠡᠢ | ᠲᠢᠶᠠᠨ ᠳ᠋ᠢ ᠲᠣᠰᠬᠤᠨ ᠤ 600 ᠮᠦ ᠴᠢᠴᠠᠷᠭᠠᠨ᠎ᠠ ᠶᠢᠨ ᠣᠢ ᠡᠯᠪᠡᠭ ᠬᠤᠷᠢᠶᠠᠯᠲᠠ ᠣᠯᠵᠦ᠂ ᠨᠢᠭᠡ ᠮᠥᠷ ᠮᠦᠷ | ᠳᠠᠷᠢ ᠲᠡᠭᠰᠢ ᠴᠢᠴᠠᠷᠭᠠᠨ᠎ᠠ ᠶᠢᠨ ᠮᠣᠳᠤ ᠰᠠᠯᠬᠢᠨ ᠳᠤ ᠨᠠᠮᠢᠷᠡᠨ᠂ ᠨᠢᠭᠡ ᠬᠡᠯᠬᠢᠶ᠎ᠡ ᠬᠡᠯᠬᠢᠶ᠎ᠡ ᠤᠯᠠᠭᠠᠨ | ᠴᠢᠴᠠᠷᠭᠠᠨ᠎ᠠ ᠶᠢᠨ ᠵᠢᠮᠢᠰ ᠰᠠᠯᠠᠭ᠎ᠠ ᠨᠠᠮᠠᠭ᠎ᠠ ᠳᠦᠭᠦᠷᠡᠩ ᠣᠷᠭᠤᠨᠨᠰᠠᠨ ᠪᠠᠶᠢᠨ᠎ᠠ᠃ ᠲᠠᠷᠢᠶᠠᠴᠢᠨ ᠡᠷᠦᠬᠡ ᠲᠡᠭᠦᠬᠦ᠂ | ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠣᠵᠦ᠂ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠰᠣᠯ ᠪᠢᠯᠬᠠᠵᠤ | ᠪᠠᠶᠢᠯ᠎ᠠ᠃ | | | | | | ︽ᠪᠢ ᠠᠳᠡ ᠴᠢᠴᠠᠷᠭᠠᠨ᠎ᠠ ᠬᠠᠶᠢᠴᠢᠯᠠᠵᠤ ᠪᠠᠶᠢᠨ᠎ᠠ᠂ ᠨᠢᠭᠡ ᠡᠳᠦᠷ ᠲᠤ 50 —100 ᠺᠢᠯᠣᠭ᠍ᠷᠠᠮ | ᠣᠷᠴᠢᠮ ᠬᠠᠶᠢᠴᠢᠯᠠᠴᠢᠬᠠᠨᠠ᠂ ᠨᠢᠭᠡ ᠡᠳᠣᠷ 150 ᠲᠦᠭᠦᠷᠢᠭ ᠣᠯᠵᠦ ᠪᠠᠶᠢᠨ᠎ᠠ᠂ ᠭᠡᠷ ᠤᠨ ᠡᠭᠦᠳᠡᠨ ᠳᠤ ᠪᠠᠨ | ᠡᠶᠢᠮᠦ ᠠᠵᠢᠯ ᠣᠯᠣᠨᠨᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ︾ ᠭᠡᠵᠦ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠲᠡᠰᠭᠢ ᠪᠠᠯᠭᠠᠰᠤᠨ ᠤ ᠰᠢᠤᠸᠠᠢ ᠲᠢᠶᠠᠨ ᠳ᠋ᠢ ᠲᠣᠰᠬᠤᠨ ᠤ ᠠᠷᠠᠳ ᠯᠢ ᠶᠢᠨ ᠵᠦ ᠪᠠᠶᠠᠷᠳᠠᠶᠢᠬᠠᠨ | ᠶᠠᠷᠢᠵᠦ ᠪᠠᠶᠢᠯ᠎ᠠ᠃ | | | | | ᠴᠢᠴᠠᠷᠭᠠᠨ᠎ᠠ ᠪᠣᠯ ᠡᠯᠡᠰᠦ ᠲᠣᠨᠨᠳᠠᠭᠠᠬᠤ ᠴᠢᠳᠠᠯ ᠲᠠᠢ ᠪᠣᠭᠤᠨᠢᠪᠳᠣᠷ ᠲᠣᠷᠤᠭ ᠮᠣᠳᠣ ᠶᠤᠮ᠃ ᠵᠢᠵᠢᠭᠬᠡᠨ | ᠰᠢᠷ᠎ᠠ ᠴᠡᠴᠡᠭ ᠲᠡᠯᠭᠡᠷᠡᠵᠦ᠂ ᠣᠯᠠᠪᠣᠷ ᠰᠢᠷ᠎ᠠ ᠦᠩᠭᠡ ᠲᠠᠢ ᠦᠷᠭᠡᠨ ᠵᠣᠣᠪᠠᠨᠭ᠌ ᠵᠢᠮᠢᠰ ᠰᠠᠭᠤᠳᠠᠭ᠃ ᠴᠢᠴᠢᠷᠭᠠᠨᠠ | ᠨᠢ ᠠᠭᠤᠰᠬᠢ ᠶᠢ ᠰᠠᠶᠢᠵᠢᠷᠠᠭᠤᠯᠬᠤ᠂ ᠬᠤᠣᠷ ᠲᠠᠶᠢᠯᠬᠤ᠂ ᠴᠢᠰᠤ ᠨᠦᠬᠦᠬᠦ᠂ ᠬᠤᠳᠣᠭᠤᠳᠣᠨ ᠤ ᠰᠢᠩᠭᠡᠭᠡᠯᠳᠡ ᠶᠢ | ᠰᠠᠶᠢᠵᠢᠷᠠᠭᠤᠯᠬᠤ ᠵᠡᠷᠭᠡ ᠣᠯᠡᠨ ᠵᠦᠢᠯ ᠤᠨ ᠦᠢᠯᠡᠳᠣᠯ ᠲᠠᠢ ᠪᠠᠶᠢᠳᠠᠭ᠃ | | | | | ︽ᠪᠢᠳᠡ ᠴᠢᠴᠠᠷᠭᠠᠨ᠎ᠠ ᠲᠠᠷᠢᠭᠠᠳ ᠨᠢᠭᠡᠨᠲᠡ ᠵᠢᠷᠭᠤᠭᠠᠨ ᠵᠢᠯ ᠪᠣᠯᠵᠦ ᠪᠠᠶᠢᠨ᠎ᠠ᠂ ᠵᠢᠯ ᠪᠦᠷᠢ ᠶᠢᠨ 10 | ᠰᠠᠷ᠎ᠠ ᠶᠢᠨ ᠬᠤᠷᠢᠳ ᠠᠴᠠ ᠡᠬᠢᠯᠡᠨ ᠰᠠᠯᠠᠭ᠎ᠠ ᠶᠢ ᠨᠢ ᠬᠠᠶᠢᠴᠢᠯᠠᠵᠤ᠂ ᠭᠤᠣᠯᠳᠠᠭᠤ ᠡᠪᠦᠯ ᠤᠨ ᠤᠯᠠᠷᠢᠯ ᠳᠤ ᠲᠡᠭᠦᠵᠦ | ᠬᠤᠷᠢᠶᠠᠬᠤ ᠳᠤ ᠲᠥᠬᠦᠮ ᠪᠣᠯᠭᠠᠬᠤ ᠶᠢᠨ ᠲᠥᠯᠥᠭᠡ ᠭᠠᠵᠠᠷ ᠤᠨ ᠭᠠᠳᠠᠷᠭᠤ ᠠᠴᠠ ᠬᠤᠷᠢ ᠭᠤᠴᠢᠨ ᠰᠡᠨᠲ᠋ᠢᠮᠧᠲᠷ | ᠪᠠᠭᠤᠷᠠᠢ ᠰᠠᠯᠠᠭ᠎ᠠ ᠶᠢ ᠴᠥᠮ ᠬᠠᠶᠢᠴᠢᠯᠠᠨ ᠠᠪᠴᠤ ᠬᠠᠶᠠᠨ᠎ᠠ᠃ ᠣᠳᠣᠬᠠᠨ ᠳᠤ ᠲᠠᠷᠢᠮᠠᠯ ᠤᠨ ᠰᠠᠭᠤᠷᠢᠨ ᠭᠠᠵᠠᠷ | 600 ᠮᠦ᠂ ᠦᠢᠯᠡᠳᠬᠦᠨ ᠤ ᠦᠷᠳᠡᠭ ᠨᠢ ᠮᠦ ᠪᠦᠷᠢ 3500 ᠲᠥᠭᠦᠷᠢᠭ ᠣᠷᠴᠢᠮ ᠪᠣᠯᠣᠨ᠎ᠠ︾ ᠭᠡᠵᠦ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠢ ᠰᠢᠨ ᠴᠢᠴᠠᠷᠭᠠᠨ᠎ᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ ᠯᠢᠦ ᠵᠧᠨ ᠬᠤᠢ ᠲᠠᠨᠢᠯᠴᠠᠭᠤᠯᠵᠦ ᠶᠠᠷᠢᠨ᠎ᠠ᠃ | | | | | | ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠰᠭᠢ ᠪᠠᠯᠭᠠᠰᠤᠨ ᠤ | ᠰᠢᠤᠸᠠᠢ ᠲᠢᠶᠠᠨ ᠳ᠋ᠢ ᠲᠣᠰᠬᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠴᠢᠴᠠᠷᠭᠠᠨ᠎ᠠ ᠶᠢᠨ ᠤᠢ | ᠲᠠᠷᠢᠬᠤ ᠶᠢ ᠶᠡᠬᠡᠪᠡᠷ ᠬᠥᠭᠵᠢᠭᠦᠯᠵᠦ᠂ ᠴᠢᠴᠠᠷᠭᠠᠨ᠎ᠠ ᠶᠢᠨ ᠤᠢ ᠶᠢᠨ ︽ᠠᠮᠢ ᠠᠬᠤᠢ ᠶᠢᠨ ᠦᠷ᠎ᠡ ᠠᠰᠢᠭ︾ ᠢ | ᠬᠠᠮᠤᠭ ᠤᠨ ᠶᠡᠭᠡ ᠪᠠᠷ ︽ᠠᠵᠤ ᠠᠬᠤᠢ ᠶᠢᠨ ᠦᠷ᠎ᠡ ᠠᠰᠢᠭ︾ ᠪᠣᠯᠭᠠᠨ ᠬᠤᠪᠢᠷᠠᠭᠤᠯᠪᠠ᠃ ᠣᠳᠣᠬᠠᠨ ᠳᠤ᠂ | ᠴᠢᠴᠠᠷᠭᠠᠨ᠎ᠠ ᠶᠢᠨ ᠵᠢᠮᠢᠰ ᠲᠡᠭᠦᠬᠦ ᠨᠢ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ | | | ᠰᠤᠷᠪᠤᠯᠵᠢᠯᠠᠭᠴᠢ᠄ ᠭᠤᠣ ᠸᠧᠢ ᠵᠠᠩ ᠵᠢᠦᠸᠠᠨ | ᠣᠷᠴᠢᠭᠤᠯᠣᠨᠨᠴᠢ᠄ ᠭᠧ ᠲᠣᠸᠠᠨ ᠯᠢᠶᠡᠨ | |