| ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2023︺ 27 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ | ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ ︽ᠤᠯᠠᠭᠠᠨᠴᠠᠪ ᠬᠤᠲᠠ ᠶᠢᠨ ᠬᠠᠶᠠᠭᠳᠠᠮᠠᠯ | ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠵᠣᠷᠢᠭᠵᠢᠭᠤᠯᠬᠤ ᠠᠵᠤ ᠦᠢᠯᠡᠰ ᠤᠨ | ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 | ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠳᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 5 ᠰᠠᠷ᠎ᠠ ᠶᠢᠨ 24 ᠤ ᠡᠳᠦᠷ ︵ᠲᠣᠰ ᠮᠠᠲ᠋ᠧᠷᠢᠶᠠᠯ ᠢ ᠢᠯᠡ ᠪᠠᠷ | ᠨᠡᠶᠢᠲᠡᠯᠡᠨ᠎ᠡ︶ | ᠤᠯᠠᠭᠠᠨᠴᠠᠪ ᠬᠤᠲᠠ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠬᠤᠷᠢᠶᠠᠨ ᠠᠪᠴᠦ ᠳᠠᠬᠢᠨ ᠠᠰᠢᠭᠯᠠᠬᠤ ᠶᠢ | ᠵᠣᠷᠢᠭᠵᠢᠭᠤᠯᠵᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠦᠷᠦ ᠶᠢᠨ ᠪᠣᠳᠣᠯᠭ᠎ᠠ ᠣᠷᠴᠢᠯ ᠠᠵᠤ ᠠᠬᠤᠢ ᠶᠢ | ᠶᠡᠬᠡᠪᠡᠷ ᠬᠥᠭᠵᠢᠭᠦᠯᠬᠦ ᠶᠢᠨ ᠲᠥᠯᠥᠭᠡ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠡᠷᠭᠢᠯᠳᠦᠭᠦᠯᠦᠨ ᠠᠰᠢᠭᠯᠠᠬᠤ ᠶᠢ | ᠠᠬᠢᠭᠤᠯᠵᠤ᠂ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠰᠠᠭᠠᠷᠮᠠᠭᠵᠢᠯᠠᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ︽ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ | ᠠᠷᠪᠢᠲᠠᠢ ᠡᠷᠴᠢᠮᠯᠢᠭ ᠪᠠᠶᠢᠯᠭᠠᠬᠤ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠬᠢᠭᠡᠳ ᠮᠠᠨ ᠤ ᠬᠤᠳᠠ ᠶᠢᠨ | ᠬᠠᠮᠢᠶ᠎ᠠ ᠪᠦᠬᠦᠢ ᠲᠥᠬᠦᠷ ᠪᠢᠴᠢᠭ ᠮᠠᠲ᠋ᠧᠷᠢᠶᠠᠯ ᠦᠨᠳᠦᠰᠦᠯᠡᠨ᠂ ᠡᠳᠦᠭᠡ ᠮᠠᠨ ᠤ ᠬᠤᠳᠠ ᠶᠢᠨ ᠬᠠᠶᠠᠭᠳᠠᠮᠠᠯ ᠬᠠᠭᠤᠴᠢᠨ | ᠪᠣᠯᠣᠳ ᠲᠡᠮᠦᠷ ᠢ ᠡᠭᠡᠭᠦᠯᠦᠨ ᠬᠤᠷᠢᠶᠠᠵᠤ ᠲᠡᠬᠢᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ | ᠲᠤᠬᠠᠢ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠲᠡᠳᠬᠦᠬᠦ ᠲᠥᠷᠥ ᠶᠢᠨ | ᠪᠣᠳᠣᠯᠭ᠎ᠠ ᠶᠢ ᠲᠣᠭᠲᠠᠭᠠᠪᠠ᠃ | ᠨᠢᠭᠡ᠂ ᠬᠡᠷᠡᠭᠯᠡᠬᠦ ᠡᠲᠡᠭᠡᠳ᠃ ᠮᠠᠨ ᠤ ᠬᠤᠲᠠ ᠶᠢᠨ ᠣᠷᠣᠨ ᠪᠦᠰᠡ ᠶᠢᠨ ᠬᠡᠪᠴᠢᠶᠡᠨ ᠳᠤ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠵᠤ᠂ ᠬᠠᠤᠯᠢ | ᠶᠣᠰᠣᠭᠠᠷ ᠳᠠᠩᠰᠠᠯᠠᠭᠤᠯᠤᠨ ᠪᠠᠶᠢᠭᠤᠯᠵᠤ᠂ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ | ᠰᠢᠢᠳᠪᠦᠷᠢᠯᠡᠬᠦ ᠪᠣᠷᠤᠯᠠᠭᠤᠯᠭ᠎ᠠ ᠶᠢᠨ ᠲᠤᠬᠠᠶᠢᠯᠠᠭᠰᠠᠨ ᠠᠵᠢᠯ ᠢ ᠡᠷᠭᠢᠯᠡᠨ ᠬᠢᠵᠦ᠂ ᠦᠢᠯᠡᠳᠬᠦᠨ ᠨᠢ ᠮᠡᠷᠭᠡᠵᠢᠯ ᠤᠨ | ᠪᠠᠷᠢᠮᠵᠢᠶ᠎ᠠ ᠪᠠ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠪᠣᠯᠬᠤ | ᠠᠵᠤ ᠠᠬᠤᠶᠢᠯᠠᠯ ᠪᠣᠯᠣᠨ᠎ᠠ᠃ | ᠬᠤᠶᠠᠷ᠂ ᠵᠣᠷᠢᠭᠵᠢᠭᠤᠯᠬᠤ ᠲᠦᠷᠦ ᠶᠢᠨ ᠪᠣᠳᠣᠯᠭ᠎ᠠ᠃ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ | ᠬᠤᠷᠢᠶᠠᠬᠤ ᠠᠵᠤ ᠠᠬᠤᠶᠢᠯᠠᠯ ᠤᠨ ᠵᠣᠬᠢᠬᠤ ᠪᠠᠷᠢᠮᠵᠢᠶ᠎ᠠ ᠪᠠᠷ ᠬᠤᠲᠠ ᠰᠢᠶᠠᠨ ᠬᠤᠶᠠᠷ ᠱᠠᠲᠤᠨ ᠤ ᠶᠡᠷᠦᠩᠬᠡᠶᠢᠯᠡᠭᠰᠡᠨ ᠠᠵᠤ | ᠠᠬᠤᠢ ᠳᠤ ᠦᠵᠡᠭᠦᠯᠦᠭᠰᠡᠨ ᠰᠢᠭᠤᠳ ᠬᠤᠪᠢ ᠨᠡᠮᠡᠷᠢ ᠶᠢ ᠲᠥᠰᠥᠭᠡᠯᠡᠨ ᠪᠤᠳᠤᠬᠤ ᠶᠢ ᠦᠨᠳᠦᠰᠦᠯᠡᠨ᠂ ᠲᠣᠰ ᠲᠣᠰ | 85% ᠶᠢᠨ ᠲᠡᠳᠬᠦᠮᠵᠢ ᠶᠢᠨ ᠱᠠᠩᠨᠠᠯ ᠣᠯᠭᠤᠨ᠎ᠠ᠃ ᠡᠭᠦᠨ ᠤ ᠬᠠᠮᠲᠤ᠂ ᠬᠤᠲᠠ ᠶᠢᠨ ᠱᠠᠲᠤᠨ ᠤ ᠰᠢᠭᠤᠳ ᠬᠤᠪᠢ | ᠨᠡᠮᠡᠷᠢ ᠦᠵᠡᠭᠦᠯᠦᠭᠰᠡᠨ ᠦᠯᠡᠳᠡᠭᠰᠡᠨ 15% ᠶᠢᠨ 1/3 ᠶᠢ ᠪᠠᠶᠢᠭ᠎ᠠ ᠬᠤᠰᠢᠭᠤ ᠰᠢᠶᠠᠨ ᠤ ᠡᠳ᠋ ᠤᠨ ᠵᠠᠰᠠᠭ ᠲᠤ ᠲᠤᠰᠬᠠᠢ | ᠵᠦᠢᠯ ᠢᠶᠠᠷ ᠪᠠᠭᠤᠯᠭᠠᠵᠤ᠂ ᠬᠤᠰᠢᠭᠤ ᠰᠢᠶᠠᠨ ᠤ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠪᠠᠨ ᠲᠦᠷᠭᠡᠳᠬᠡᠬᠦ ᠶᠢ | ᠵᠣᠷᠢᠭᠵᠢᠭᠤᠯᠬᠤ ᠳᠤ ᠬᠡᠷᠡᠭᠯᠡᠨ᠎ᠡ᠃ | ᠭᠤᠷᠪᠠ᠂ ᠭᠦᠢᠴᠡᠳᠬᠡᠬᠦ ᠲᠡᠰ ᠳᠠᠷᠠᠭᠠᠯᠠᠯ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠷᠢᠶ᠎ᠠ ᠭᠠᠵᠠᠷ ᠤᠨ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠵᠡᠷᠭᠡ | ᠰᠠᠯᠠᠭ᠎ᠠ ᠮᠥᠴᠢᠷ ᠤᠳ ᠬᠠᠷᠢᠭᠤᠴᠠᠵᠤ ᠬᠠᠮᠵᠢᠯᠴᠠᠨ ᠰᠠᠭᠤᠷᠢ ᠠᠵᠢᠯ ᠢ ᠰᠠᠶᠢᠲᠤᠷ ᠬᠢᠵᠦ᠂ ᠵᠠᠷᠴᠢᠮ ᠳᠡᠭᠡᠷ᠎ᠡ ᠪᠠᠨ ᠤᠯᠠᠷᠢᠯ | ᠪᠦᠷᠢ ᠳᠤ ᠨᠢᠭᠡ ᠤᠳᠠᠭ᠎ᠠ ᠲᠥᠰᠥᠭᠡᠯᠡᠨ ᠪᠤᠳᠤᠵᠤ᠂ 15 ᠡᠳᠦᠷ ᠤᠨ ᠳᠣᠲᠣᠷ᠎ᠠ ᠪᠡᠶᠡᠯᠡᠭᠦᠯᠦᠨ᠎ᠡ᠃ ᠡᠭᠦᠨ ᠳᠤ᠄ | ᠬᠤᠲᠠ ᠶᠢᠨ ᠲᠣᠰ ᠱᠠᠲᠤᠨ ᠤ ᠡᠭᠦᠷᠭᠡᠯᠡᠬᠦ ᠳᠤ ᠬᠤᠯᠪᠣᠭᠳᠠᠬᠤ ᠲᠡᠳᠬᠦᠨ ᠳᠡᠮᠵᠢᠬᠦ ᠪᠡᠯᠡ ᠮᠥᠩᠭᠦ ᠶᠢ ᠤᠷᠢᠳᠠᠪᠠᠷ ᠬᠤᠰᠢᠭᠤ | ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠠᠴᠠ ᠬᠠᠮᠲᠤ ᠳᠤᠨᠢ ᠣᠷᠣᠯᠠᠨ ᠥᠭᠴᠦ ᠪᠡᠯᠡᠨ ᠵᠣᠭᠤᠰ ᠪᠣᠯᠭᠠᠵᠤ᠂ | ᠵᠢᠯ ᠤᠨ ᠡᠴᠦᠰ ᠲᠤ ᠳ᠋ᠦᠩᠨᠡᠨ ᠪᠤᠳᠤᠬᠤ ᠦᠶ᠎ᠡ ᠳᠤ ᠬᠤᠲᠠ ᠶᠢᠨ ᠲᠣᠰ ᠱᠠᠲᠤᠨ ᠤ ᠬᠤᠰᠢᠭᠤ ᠰᠢᠶᠠᠨ ᠬᠤᠲᠠ | ᠲᠣᠭᠤᠷᠢᠭ ᠤᠨ ᠬᠥᠭᠵᠢᠯᠲᠡ ᠶᠢ ᠳᠡᠮᠵᠢᠬᠦ ᠬᠡᠰᠡᠭ ᠲᠠᠢ ᠬᠠᠮᠲᠤ ᠳᠤᠨᠢ᠂ ᠵᠢᠯ ᠤᠨ ᠡᠴᠦᠰ ᠲᠤ ᠳᠡᠭᠡᠳᠦ ᠳᠣᠣᠷᠠᠳᠤ ᠱᠠᠲᠤᠨ ᠤ | ᠡᠳ᠋ ᠤᠨ ᠵᠠᠰᠠᠭ ᠢᠶᠠᠷ ᠳᠡᠮᠵᠢᠨ ᠲᠤᠰᠠᠭᠠᠷ ᠳ᠋ᠦᠩᠨᠡᠨ ᠪᠤᠳᠤᠨ᠎ᠠ᠃ | ᠳᠥᠷᠪᠡ᠂ ᠬᠤᠯᠪᠣᠭᠳᠠᠯ ᠪᠦᠬᠦᠢ ᠵᠦᠢᠯᠡᠰ ᠲᠣᠰ ᠲᠥᠷᠥ ᠶᠢᠨ ᠪᠣᠳᠣᠯᠭ᠎ᠠ ᠶᠢ 2023 ᠣᠨ ᠤ 6 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠣᠯᠣᠨ᠎ᠠ᠃ ᠬᠤᠲᠠ ᠶᠢᠨ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠢᠯ ᠨᠢᠭᠡᠲᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠲᠠᠢ | ᠬᠠᠮᠲᠤ ᠪᠠᠷ ᠬᠠᠷᠢᠭᠤᠴᠠᠨ ᠲᠠᠶᠢᠯᠪᠤᠷᠢᠯᠠᠨ᠎ᠠ᠃ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ ᠤᠨ ᠲᠥᠷᠥ ᠶᠢᠨ | ᠪᠣᠳᠣᠯᠭ᠎ᠠ ᠶᠢᠨ ᠬᠤᠪᠢᠷᠠᠯᠲᠠ ᠲᠣᠬᠢᠶᠠᠯᠳᠤᠪᠠᠯ ᠠᠰ ᠲᠤᠨᠢ ᠲᠣᠬᠢᠷᠠᠭᠤᠯᠤᠯᠲᠠ ᠬᠢᠨ᠎ᠡ᠃ | | |