ᠵᠡᠭᠡᠷᠡᠲᠦ ᠬᠤᠲᠠ ᠪᠠᠯᠭᠠᠰᠤ ᠪᠠᠶᠢᠭᠤᠯᠭ᠎ᠠ ᠶᠢᠨ ᠨᠠᠮ ᠤᠨ ᠭᠡᠰᠢᠭᠦᠨ ᠤ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/15
                    ᠭᠤᠤᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠭ ᠵᠣᠬᠢᠶᠠᠯ ᠢ ᠯᠠᠪᠳᠠᠭᠤᠨ ᠪᠠᠲᠤᠲᠠᠶ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠬᠤ ᠶᠢᠨ ᠲᠥᠯᠥᠭᠡ᠂ 11 ᠰᠠᠷ᠎ᠠ ᠶᠢᠨ 7 ᠤ ᠡᠳᠦᠷ᠂ ᠵᠡᠭᠡᠷᠡᠲᠦ ᠬᠤᠲᠠ ᠪᠠᠯᠭᠠᠰᠤ ᠪᠠᠶᠢᠭᠤᠯᠭ᠎ᠠ ᠶᠢᠨ ᠨᠠᠮ ᠤᠨ ᠭᠡᠰᠢᠭᠦᠨ ᠤ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠲᠣᠰ ᠤᠳᠠᠭᠠᠨ ᠤ ᠬᠤᠷᠠᠯ ᠢ ᠡᠷᠬᠢᠯᠡᠵᠦ᠂ ᠳᠡᠳ᠋ ᠪᠠᠯᠭᠠᠰᠤᠨ ᠳᠠᠷᠤᠭ᠎ᠠ ᠫᠠᠨ ᠴᠢᠤᠸᠠᠨ ᠱᠧᠩ ᠰᠤᠷᠤᠯᠴᠠᠵᠤ᠂ ᠭᠡᠷ ᠲᠡᠭᠡᠨ ᠪᠠᠶᠢᠭ᠎ᠠ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃

      ᠬᠤᠷᠠᠯ ᠳᠡᠭᠡᠷ᠎ᠡ᠂ ᠫᠠᠨ ᠴᠢᠤᠸᠠᠨ ᠱᠧᠩ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ

ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠲᠠᠪᠤᠨ ᠶᠡᠭᠡ ᠡᠭᠦᠷᠭᠡ ᠶᠢᠨ ᠺᠠᠳ᠋ᠷ ᠤᠨ ᠤᠩᠰᠢᠬᠤ ᠪᠢᠴᠢᠭ︾

 ᠤᠨ ᠡᠮᠦᠨᠡᠬᠢ ᠬᠤᠶᠠᠷ ᠪᠦᠯᠦᠭ ᠤᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠳᠠᠭᠠᠭᠤᠯᠤᠨ

ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠤᠭ ᠶᠣᠰᠣ ᠶᠢ ᠭᠦᠨᠵᠡᠭᠡᠢ ᠲᠠᠶᠢᠯᠪᠤᠷᠢᠯᠠᠪᠠ᠃

      ᠬᠤᠷᠠᠯ ᠠᠴᠠ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ

ᠤᠷᠤᠭᠰᠢᠯᠠᠵᠤ᠂ ᠲᠠᠪᠤᠨ ᠶᠡᠭᠡ ᠡᠭᠦᠷᠭᠡ ᠶᠢᠨ ᠺᠠᠳ᠋ᠷ ᠤᠨ ᠤᠩᠰᠢᠬᠤ ᠪᠢᠴᠢᠭ︾ ᠭᠡᠬᠦ ᠨᠣᠮ ᠢ ᠰᠠᠶᠢᠲᠤᠷ ᠰᠤᠷᠤᠯᠴᠠᠨ

ᠰᠠᠶᠢᠲᠤᠷ ᠬᠡᠷᠡᠭᠯᠡᠵᠦ᠂ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠪᠣᠳᠠᠲᠤ ᠪᠠᠶᠢᠳᠠᠯ ᠪᠣᠯᠤᠨ ᠠᠵᠢᠯ ᠤᠨ

ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ

ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ

ᠬᠤᠪᠢᠷᠠᠭᠤᠯᠵᠤ᠂ ᠡᠳᠦᠷ ᠳᠤᠳᠤᠮ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ

ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

         

          ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号