ᠵᠡᠭᠡᠷᠡᠲᠦ ᠬᠤᠲᠠ ᠪᠠᠯᠭᠠᠰᠤᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠡᠯ᠎ᠡ ᠲᠣᠰᠬᠤᠨ ᠤ ᠨᠠᠮ ᠤᠨ ᠡᠭᠦᠷ ᠲᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/11/15
           ᠣᠶᠢᠷ᠎ᠠ ᠶᠢᠨ ᠬᠤᠭᠤᠴᠠᠭᠠᠨ ᠳᠤ᠂ ᠵᠡᠭᠡᠷᠡᠲᠦ ᠬᠤᠲᠠ ᠪᠠᠯᠭᠠᠰᠤᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠬᠡᠰᠡᠭ ᠬᠤᠪᠢᠶᠠᠨ ᠭᠤᠷᠪᠠᠨ ᠡᠳᠦᠷ ᠤᠨ ᠴᠠᠭ ᠢ ᠠᠰᠢᠭᠯᠠᠨ ᠡᠯ᠎ᠡ ᠲᠣᠰᠬᠤᠨ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠤᠳᠤᠷᠢᠳᠬᠤ ᠳᠤᠭᠤᠶᠢᠯᠠᠩ ᠨᠢᠭᠡ ᠲᠣᠰᠬᠤᠨ ᠳᠤ ᠬᠦᠷᠬᠦ ᠪᠦᠷᠢ᠂ ᠡᠩ ᠲᠡᠷᠢᠭᠦᠨ ᠳᠤ ᠲᠣᠰᠬᠤᠨ ᠤ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠳᠠᠷᠠᠭ᠎ᠠ ᠨᠢ ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠠᠬᠠᠮᠠᠳ ᠨᠠᠮ ᠤᠨ ᠭᠡᠰᠢᠭᠦᠨ ᠵᠡᠷᠭᠡ ᠲᠠᠢ ᠶᠠᠷᠢᠯᠴᠠᠵᠤ᠂ ᠭᠤᠤᠯ ᠰᠡᠳᠦᠪᠲᠦ ᠬᠥᠮᠦᠵᠢᠯ ᠤᠨ ᠠᠬᠢᠴᠠ᠂ ᠨᠠᠮ ᠤᠨ ᠭᠡᠰᠢᠭᠦᠨ ᠤ ᠤᠶᠢᠯᠡᠳᠤᠯ ᠢᠶᠠᠨ ᠪᠠᠳᠠᠷᠠᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠦᠢᠴᠠᠤᠡᠭᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠤᠭ ᠡᠴᠦᠰ ᠲᠤ ᠤᠨᠤᠯ ᠤᠨ ᠰᠤᠷᠤᠯᠴᠠᠯᠭ᠎ᠠ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠤᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ᠳᠤᠷᠠᠳᠪᠠ᠃

     ᠭᠤᠤᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠥᠷᠨᠢᠭᠦᠯᠬᠦ ᠪᠣᠯ ᠣᠳᠣᠬᠠᠨ ᠤ

ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠦ ᠶᠢᠨ ᠡᠭᠦᠷᠭᠡ ᠪᠣᠯᠤᠨ᠎ᠠ᠃ ᠵᠡᠭᠡᠷᠡᠲᠦ

ᠬᠤᠲᠠ ᠪᠠᠯᠭᠠᠰᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ

ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂

ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ

ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠥᠷᠭᠡᠨ ᠣᠯᠠᠨ ᠨᠠᠮ ᠤᠨ

ᠭᠡᠰᠢᠭᠦᠨ ᠺᠠᠳ᠋ᠷᠴᠤᠳ ᠢ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠬᠢᠵᠦ ᠦᠢᠯᠡᠰ

ᠪᠣᠰᠬᠠᠬᠤ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠬᠥᠮᠦᠰ ᠤᠨ ᠣᠷᠣᠰᠢᠨ ᠰᠠᠭᠤᠬᠤ

ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠰᠦᠯᠢᠶᠣᠣ

ᠪᠦᠷᠬᠦᠪᠴᠢ ᠶᠢ ᠴᠡᠪᠡᠷᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠬᠢᠳᠠᠯ ᠰᠤᠷᠪᠤᠯᠵᠢᠯᠠᠭ᠎ᠠ ᠶᠢ

ᠬᠠᠮᠠᠭᠠᠯᠠᠬᠤ ᠵᠡᠷᠭᠡ ᠠᠵᠢᠯ ᠲᠠᠢ ᠤᠶᠠᠯᠳᠤᠭᠤᠯᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠭᠡᠯ ᠢᠶᠠᠷ ᠭᠤᠤᠯ

ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠭᠤᠤᠯ ᠰᠡᠳᠦᠪᠲᠦ ᠬᠥᠮᠦᠵᠢᠯ ᠤᠨ

ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠤᠨ᠎ᠠ᠃

            ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

            ᠣᠷᠴᠢᠭᠤᠯᠣᠨᠨᠴᠢ᠄  ᠭᠧ ᠲᠣᠸᠠᠨ ᠯᠢᠶᠡᠨ    

         

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号