ᠵᠡᠭᠡᠷᠡᠲᠦ ᠬᠤᠲᠠ ᠪᠠᠯᠭᠠᠰᠤ ︽ᠭᠤᠷᠪᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ︾ ᠭᠤᠤᠯ ᠰᠡᠳᠦᠪᠲᠦ ᠬᠥᠮᠦᠵᠢᠯ ᠤᠨ ᠠᠵᠢᠯ ᠢ ᠪᠣᠳᠠᠲᠠᠶ ᠠᠳᠬᠤᠪᠠ
ᠨᠡᠶᠢᠲᠡᠯᠡᠭᠰᠡᠨ ᠴᠠᠭ᠄
2023/11/15
               ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠡᠭᠡᠷᠡᠲᠦ ᠬᠤᠲᠠ ᠪᠠᠯᠭᠠᠰᠤ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠶᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠯᠤᠰ ᠲᠥᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠣᠨᠣᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠵᠤ ᠂ ᠰᠤᠷᠤᠯᠴᠠᠯᠭ᠎ᠠ ᠪᠠᠷ ᠣᠶᠤᠨ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠪᠠ᠃      ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠷᠢᠯᠠᠭᠤᠯᠤᠨ ᠡᠬᠢᠯᠡᠬᠦᠯᠪᠡ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶᠢᠯᠠᠨ ᠤᠯᠠᠮᠵᠢᠯᠠᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ᠂ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠥᠰᠦᠯ ᠵᠢᠴᠢ ᠰᠤᠷᠤᠯᠴᠠᠬᠤ ᠲᠥᠯᠥᠪᠯᠡᠭᠡ ᠶᠢ ᠲᠣᠭᠲᠠᠭᠠᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠨᠠᠮ ᠤᠨ ᠡᠭᠦᠷ ᠢ ᠭᠠᠷᠠᠭ ᠪᠦᠷᠢ ᠨᠢᠭᠡ ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠠᠳᠠᠭ ᠲᠠᠭᠠᠨ ᠬᠤᠶᠠᠷ ᠤᠳᠠᠭ᠎ᠠ ᠰᠤᠷᠬᠤ ᠬᠡᠷᠡᠭᠲᠡᠶ ᠭᠡᠵᠦ ᠱᠠᠭᠠᠷᠳᠠᠪᠠ᠃      ᠨᠠᠷᠢᠨ ᠨᠢᠮᠪᠠᠶ ᠨᠢᠭᠡᠳᠦᠯᠲᠡᠶ ᠲᠥᠯᠥᠪᠯᠡᠵᠦ᠂ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠤᠷᠤᠯᠴᠠᠯᠭ᠎ᠠ ᠶᠢᠨ ︽ᠰᠢᠨ᠎ᠡ ᠵᠠᠭᠪᠤᠷ︾ ᠢ ᠪᠠᠶᠢᠭᠤᠯᠤᠨ᠎ᠠ᠃ ᠨᠢᠭᠡ ᠳᠤ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠬᠥᠮᠦᠵᠢᠯ ᠤᠨ ᠠᠷᠭ᠎ᠠ ᠵᠠᠮ ᠢ ᠥᠷᠭᠡᠳᠬᠡᠨ᠎ᠡ᠃ ︽ᠰᠤᠷᠤᠯᠴᠠᠯᠭ᠎ᠠ ᠪᠠᠷ ᠣᠯᠣᠰ ᠢᠶᠠᠨ ᠬᠦᠴᠦᠷᠭᠡᠭᠵᠢᠬᠦᠯᠬᠦ︾᠂ ︽ᠡᠪ ᠬᠠᠮᠲᠤ ᠨᠠᠮ ᠤᠨ ᠭᠡᠰᠢᠭᠦᠨ ᠤ ᠰᠦᠯᠵᠢᠶ᠎ᠡ︾᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠰᠦᠯᠵᠢᠶ᠎ᠡ︾ ᠵᠡᠷᠭᠡ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠭᠠᠷᠠᠭ ᠪᠦᠷᠢ ᠶᠢᠨ ᠨᠢᠭᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠲᠡ ᠪᠠ ᠨᠠᠮ ᠤᠨ ᠳᠦᠷᠢᠮ ᠵᠡᠷᠭᠡ ᠵᠠᠪᠠᠯ ᠰᠤᠷᠬᠤ ᠵᠣᠬᠢᠶᠠᠯ ᠢ ᠰᠤᠷᠤᠯᠴᠠᠯᠭ᠎ᠠ ᠶᠢᠨ ᠬᠠᠮᠲᠤᠯᠢᠭ ᠲᠤ ᠴᠠᠭ ᠲᠤᠬᠠᠢ ᠳᠤᠨᠢ ᠳᠠᠮᠵᠢᠭᠤᠯᠵᠤ᠂ ᠰᠦᠯᠵᠢᠶᠡᠨ ᠳᠡᠭᠡᠷᠡᠬᠢ ︽ᠰᠤᠷᠤᠯᠴᠠᠯᠭ᠎ᠠ ᠶᠢᠨ ᠬᠥᠮᠥᠷᠭᠡ︾ ᠶᠢ ᠪᠠᠶᠢᠭᠤᠯᠤᠨ ᠲᠡᠭᠦᠯᠳᠡᠷᠵᠢᠭᠦᠯᠪᠡ᠃ ᠬᠤᠶᠠᠷ ᠲᠤ᠂ ᠰᠦᠯᠵᠢᠶᠡᠨ ᠭᠠᠳᠠᠨᠠᠬᠢ ᠰᠤᠷᠤᠯᠴᠠᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠰᠤᠷᠤᠯᠴᠠᠯᠭ᠎ᠠ ᠪᠠ ᠲᠥᠪᠯᠡᠷᠡᠭᠦᠯᠦᠨ ᠰᠤᠷᠤᠯᠴᠠᠬᠤ ᠲᠦᠷᠢᠮ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠪᠥᠬᠦ ᠬᠤᠰᠢᠭᠤᠨ ᠤ ᠨᠠᠮ ᠤᠨ ᠭᠡᠰᠢᠭᠦᠨ ᠤ ᠳᠤᠮᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠣᠭᠤᠰᠢᠯᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠵᠦ᠂ ᠣᠨᠣᠯ ᠤᠨ ᠰᠤᠷᠤᠯᠴᠠᠯᠭ᠎ᠠ᠂ ᠰᠤᠷᠤᠯᠴᠠᠯᠭ᠎ᠠ ᠬᠡᠷᠡᠭᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨᠬᠦ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠣᠳᠣᠬᠠᠨ ᠳᠤ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢ 2 ᠤᠳᠠᠭ᠎ᠠ ᠥᠷᠨᠢᠭᠦᠯᠵᠦ᠂ ︽ᠭᠤᠤᠯ ᠰᠡᠳᠦᠪᠲᠦ ᠬᠥᠮᠦᠵᠢᠯ ᠤᠨ ᠨᠠᠮᠴᠢ ᠴᠢᠨᠠᠷ ᠢ ᠴᠢᠩᠭᠠᠳᠬᠠᠵᠤ ᠦᠵᠡᠯ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ 7 ᠤᠳᠠᠭ᠎ᠠ ᠲᠥᠪᠯᠡᠷᠡᠭᠦᠯᠦᠨ ᠰᠤᠷᠤᠯᠴᠠᠪᠠ᠃      ᠨᠠᠷᠢᠨ ᠨᠢᠮᠪᠠᠶ ᠤᠬᠠᠭᠤᠯᠵᠤ᠂ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠷᠨᠢᠭᠦᠯᠬᠦ ᠬᠦᠴᠦᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠰᠦᠯᠵᠢᠶ᠎ᠡ᠂ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠲᠠᠪᠴᠠᠩ ᠳᠤ ᠲᠦᠰᠢᠭᠯᠡᠨ᠂ ᠥᠷᠭᠡᠨ ᠢᠶᠠᠷ ᠤᠬᠠᠭᠤᠯᠵᠤ᠂ ᠰᠦᠷ ᠳᠠᠯᠠᠶᠢᠴᠠᠲᠠᠶ ᠤᠬᠠᠭᠤᠯᠭ᠎ᠠ ᠶᠢᠨ ᠠᠵᠢᠯ ᠤᠨ ︽ᠪᠦᠬᠦᠨ ᠢ ᠬᠠᠮᠤᠷᠬᠤ︾ ᠶᠢ ᠪᠡᠶᠡᠯᠡᠭᠦᠯᠪᠡ︔ ᠡᠯ᠎ᠡ ᠨᠠᠮ ᠤᠨ ᠡᠭᠦᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ᠂ ᠤᠬᠠᠭᠤᠯᠤᠨ ᠲᠠᠶᠢᠯᠪᠤᠷᠢᠯᠠᠬᠤ᠂ ᠪᠦᠲᠦᠮᠵᠢᠲᠡᠶ ᠲᠠᠨᠢᠯᠴᠠᠭᠤᠯᠬᠤ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠭᠤᠤᠯ ᠰᠡᠳᠦᠪᠲᠦ ᠬᠥᠮᠦᠵᠢᠯ ᠳᠤ ᠣᠷᠣᠯᠴᠠᠬᠤ ᠶᠢ ᠬᠠᠯᠠᠮᠵᠢᠯᠠᠨ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠪᠡ᠃                      ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ            ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号