ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ︽ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ ᠯᠠᠪᠳᠠᠭᠤᠨ ᠪᠠᠲᠤᠲᠠᠶ ᠬᠡᠷᠡᠭᠵᠢᠭᠦᠯᠵᠦ ᠳᠡᠭᠡᠭᠰᠢᠯᠡᠯᠲᠡ ᠶᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/15
          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠶ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 9 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ ᠯᠠᠪᠳᠠᠭᠤᠨ ᠪᠠᠲᠤᠲᠠᠶ ᠬᠡᠷᠡᠭᠵᠢᠭᠦᠯᠵᠦ ᠳᠡᠭᠡᠭᠰᠢᠯᠡᠯᠲᠡ ᠶᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠰᠠᠶᠢᠨ ᠦᠷ᠎ᠡ ᠪᠦᠲᠦᠮᠵᠢ ᠣᠯᠵᠠᠶ᠃

     ᠠᠵᠢᠯᠯᠠᠭ᠎ᠠ ᠶᠢᠨ ᠳᠤᠮᠳᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠨᠥᠬᠦᠷ

ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠤᠨ ᠲᠤᠭ ᠲᠤ ᠬᠠᠨᠳᠤᠵᠤ᠂ ᠨᠠᠮ ᠳᠤ ᠣᠷᠣᠬᠤ ᠲᠠᠩᠭᠠᠷᠢᠭ ᠤᠨ

ᠦᠭᠡᠰ ᠢᠶᠠᠨ ᠲᠠᠬᠢᠨ ᠰᠠᠨᠠᠭᠠᠯᠵᠠᠵᠤ᠂ ᠲᠠᠩᠭᠠᠷᠢᠭᠯᠠᠪᠠ᠃ ᠳᠠᠷᠠᠭ᠎ᠠ ᠨᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋

ᠱᠦᠵᠢ ᠳ᠋ᠧᠩ ᡁᠢ ᠶᠦᠩ ᠨᠥᠬᠦᠷ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ

ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠡᠰᠢᠭᠦᠨ ᠯᠢᠦ ᠫᠧᠩ ᠨᠥᠬᠦᠷ ᠵᠣᠬᠢᠶᠠᠨ ᠪᠠᠶᠢᠭᠤᠯᠤᠨ ᠤᠯᠠᠨ ᠢ

ᠳᠠᠭᠠᠭᠤᠯᠤᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ

ᠬᠤᠷᠢᠶᠠᠨ ᠤ ᠰᠠᠨᠠᠯ︾ ᠢ ᠲᠥᠪᠯᠡᠷᠡᠭᠦᠯᠦᠨ ᠰᠤᠷᠤᠯᠴᠠᠪᠠ᠃

     ᠡᠴᠦᠰ ᠲᠤ᠂ ᠾᠧ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠬᠤ ᠶᠢᠨ ᠬᠠᠮᠲᠤ ᠴᠢᠬᠤᠯᠠᠴᠢᠯᠠᠭᠰᠠᠨ ᠨᠢ᠂

ᠡᠯ᠎ᠡ ᠲᠣᠰᠬᠤᠨ ᠤ ᠨᠠᠮ ᠤᠨ ᠡᠭᠦᠷ ᠪᠦᠬᠦ ᠲᠠᠯ᠎ᠠ ᠪᠠᠷ ᠰᠢᠰᠲ᠋ᠧᠮ ᠲᠠᠢ ᠪᠠᠷᠢᠮᠵᠢᠶᠠᠯᠠᠵᠤ ᠳᠡᠭᠡᠳᠦ ᠱᠠᠲᠤᠨ ᠤ

ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠪᠣᠳᠠᠲᠠᠢ

ᠪᠠᠶᠢᠷᠢᠯᠠᠭᠤᠯᠤᠯᠲᠠ ᠲᠠᠢ ᠬᠠᠷᠭᠤᠭᠤᠯᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂

ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠢ ᠭᠤᠣᠯ ᠰᠡᠳᠦᠪᠲᠦ ᠬᠥᠮᠦᠵᠢᠯ ᠤᠨ ᠪᠦᠬᠦ

ᠶᠠᠪᠤᠴᠠ ᠳᠤ ᠲᠤᠭᠤᠰᠢᠯᠠᠭᠤᠯᠵᠤ᠂ ︽ᠵᠢᠷᠭᠤᠭᠠᠨ ᠵᠦᠢᠯ ᠤᠨ ᠨᠠᠷᠢᠨ ᠲᠠᠩᠰᠠ︾ ᠲᠠᠢ ᠤᠶᠠᠯᠳᠤᠭᠤᠯᠤᠨ ᠠᠷᠠᠳ ᠤᠨ

ᠲᠥᠯᠥᠭᠡ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ

ᠢᠲᠡᠭᠡᠬᠦ ᠬᠢᠬᠦ ᠶᠢ ᠨᠢᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠵᠢᠯᠣᠭᠤᠳᠬᠤ

ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃

     ᠳᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ ᠭᠤᠤᠯ ᠰᠡᠳᠦᠪᠲᠦ

ᠬᠥᠮᠦᠵᠢᠯ ᠤᠨ ᠡᠨᠡ ᠬᠦ ᠲᠡᠷᠢᠭᠦᠨ ᠴᠢᠬᠤᠯᠠ ᠡᠭᠦᠷᠭᠡ ᠶᠢ ᠦᠷᠭᠦᠯᠵᠢᠯᠡᠨ ᠴᠢᠩᠭ᠎ᠠ ᠠᠳᠬᠤᠵᠤ ᠪᠣᠳᠠᠲᠠᠶ ᠠᠳᠬᠤᠵᠤ᠂

ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠴᠠᠭ

ᠲᠤᠬᠠᠶ ᠳᠤᠨᠢ ᠮᠥᠷᠳᠡᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠠᠬᠢᠭᠤᠯᠵᠤ᠂ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠶᠢᠵᠢᠭᠤᠯᠬᠤ ᠶᠢ ᠠᠬᠢᠭᠤᠯᠵᠤ᠂

ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠠᠮᠴᠢ ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠤᠷᠢ ᠪᠠᠨ ᠳᠡᠭᠡᠭᠰᠢᠯᠡᠭᠦᠯᠬᠦ᠂

ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠳᠡᠭᠡᠷ᠎ᠡ ᠢᠯᠡᠷᠡᠭᠦᠯᠵᠦ᠂ ᠭᠤᠤᠯ ᠰᠡᠳᠦᠪᠲᠦ

ᠬᠥᠮᠦᠵᠢᠯ ᠤᠨ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ

ᠪᠠᠶᠢᠭᠤᠯᠵᠤ᠂ ᠰᠠᠶᠢᠲᠤᠷ ᠠᠬᠢᠭᠤᠯᠬᠤ ᠬᠡᠷᠡᠭᠲᠡᠶ᠃

       

          ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号