ᠦᠬᠡᠷ ᠲᠡᠵᠢᠭᠡᠵᠦ ᠠᠮᠢᠳᠤᠷᠠᠯ ᠢᠶᠠᠨ ᠥᠭᠡᠳᠡ ᠲᠠᠳᠠᠵᠦ ᠪᠠᠶᠠᠵᠢᠯ ᠤᠨ ᠵᠠᠮ ᠢᠶᠠᠷ ᠵᠠᠮᠨᠠᠪᠠ
ᠨᠡᠶᠢᠲᠡᠯᠡᠭᠰᠡᠨ ᠴᠠᠭ᠄
2023/11/22
                                    ᠤᠢᠢᠷ᠎ᠠ ᠶᠢᠨ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠲᠤᠰ ᠭᠠᠵᠠᠷ ᠤᠨ ᠡᠬᠢ ᠪᠠᠶᠠᠯᠢᠭ ᠲᠤ ᠪᠠᠨ ᠰᠠᠭᠤᠷᠢᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠶᠢ ᠬᠦᠷᠢᠶ᠎ᠡ ᠬᠠᠰᠢᠶᠠᠨ ᠤ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠯᠠᠬᠤ ᠠᠵᠤ ᠦᠢᠯᠡᠰ ᠤᠨ ᠨᠢᠭᠡ ᠪᠣᠯᠭᠠᠵᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠥᠨᠳᠥᠷ ᠪᠦᠲᠦᠮᠵᠢᠲᠡᠢ ᠠᠯᠠᠰᠢᠨ ᠦᠬᠡᠷ ᠤᠨ ᠮᠢᠬ᠎ᠠ ᠲᠡᠵᠢᠭᠡᠨ ᠦᠷᠡᠵᠢᠭᠦᠯᠬᠦ ᠰᠢᠨ᠎ᠡ ᠵᠠᠮ ᠢ ᠰᠦᠪᠡᠭᠴᠢᠯᠡᠵᠡᠢ᠃

      ᠬᠦᠷᠢᠶ᠎ᠡ ᠰᠤᠮᠤ ᠶᠢᠨ ᠨᠢᠭᠡᠳᠦᠭᠡᠷ ᠭᠠᠴᠠᠭᠠᠨ ᠤ ᠼᠤᠤ ᠬᠠᠢ ᠶᠠᠨ ᠤ ᠲᠡᠵᠢᠭᠡᠨ ᠦᠷᠡᠵᠢᠭᠦᠯᠬᠦ ᠬᠠᠰᠢᠶᠠᠨ ᠳᠤ

ᠬᠦᠷᠬᠦ ᠳᠤ᠂ ᠬᠠᠰᠢᠶ᠎ᠠ ᠰᠠᠷᠠᠪᠴᠢ ᠲᠡᠷᠢ ᠲᠡᠭᠰᠢ᠂ ᠨᠢᠭᠡ ᠬᠠᠰᠢᠶ᠎ᠠ ᠰᠢᠮᠧᠨ᠋ᠳᠠᠷ ᠠᠯᠠᠰᠢᠨ ᠦᠬᠡᠷ ᠵᠢᠴᠢ ᠨᠤᠲᠤᠭ ᠤᠨ

ᠡᠭᠦᠯᠳᠡᠷ ᠤᠨ ᠦᠬᠡᠷ ᠤᠳ ᠲᠠᠷᠭᠤ ᠬᠦᠴᠦ ᠰᠠᠶᠢᠲᠠᠢ ᠪᠠᠶᠢᠯ᠎ᠠ᠃ ᠼᠤᠤ ᠬᠠᠢ ᠶᠠᠨ ᠥᠷᠯᠥᠭᠡ ᠡᠷᠲᠡ ᠠᠴᠠ ᠡᠬᠢᠯᠡᠨ

ᠶᠠᠭᠠᠷᠠᠯᠳᠤᠨ᠂  ᠥᠬᠡᠷ ᠲᠡᠵᠢᠭᠡᠬᠦ ᠠᠴᠠ ᠠᠪᠤᠭᠠᠳ ᠦᠬᠡᠷ ᠤᠨ ᠬᠠᠰᠢᠶ᠎ᠠ ᠰᠠᠷᠠᠪᠴᠢ ᠶᠢ ᠲᠡᠭᠰᠢᠯᠡᠬᠦ ᠬᠦᠷᠲᠡᠯ᠎ᠡ᠂

ᠲᠡᠷᠡ ᠥᠪᠡᠷ ᠤᠨ ᠪᠡᠶ᠎ᠡ ᠪᠠᠷ ᠢᠶᠠᠨ ᠬᠦᠴᠦᠯᠡᠨ ᠴᠢᠷᠮᠠᠶᠢᠵᠤ᠂ ᠨᠢᠭᠡ ᠲᠠᠯ᠎ᠠ ᠪᠠᠷ ᠦᠬᠡᠷ ᠲᠡᠵᠢᠭᠡᠵᠦ᠂ ᠨᠦᠭᠦᠭᠡ

ᠲᠠᠯ᠎ᠠ ᠪᠠᠷ ᠲᠤᠷᠰᠢᠯᠭ᠎ᠠ ᠬᠤᠷᠠᠮᠳᠣᠭᠤᠯᠵᠦ᠂ ᠥᠩᠭᠡᠷᠡᠭᠰᠡᠨ ᠤ ᠶᠠᠭᠤ ᠴᠦ ᠣᠶᠢᠯᠠᠭᠠᠬᠤ ᠦᠭᠡᠢ ᠠᠴᠠ ᠪᠠᠨ ᠣᠳᠣ ᠶᠢᠨ

ᠲᠡᠵᠢᠭᠡᠯ ᠪᠣᠷᠳᠤᠭ᠎ᠠ ᠲᠣᠬᠢᠷᠠᠭᠤᠯᠬᠤ᠂ ᠡᠪᠡᠰᠦ ᠪᠣᠷᠳᠤᠭ᠎ᠠ ᠬᠠᠳᠠᠭᠠᠯᠠᠬᠤ᠂ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ

ᠵᠡᠷᠭᠡ ᠬᠦᠷᠲᠡᠯ᠎ᠡ ᠨᠠᠷᠢᠨ ᠬᠢᠨᠠᠮᠠᠭᠠᠶ ᠰᠤᠷᠤᠯᠴᠠᠪᠠ᠃ ᠣᠳᠣ ᠭᠠᠴᠠᠭᠠᠨ ᠤ ᠪᠠᠶᠠᠵᠢᠯ ᠤᠨ ᠴᠢᠳᠠᠪᠤᠷᠢᠲᠠᠨ ᠪᠣᠯᠵᠠᠢ᠃

ᠬᠠᠮᠤᠭ ᠤᠨ ᠠᠩᠬᠠᠨ ᠤ ᠬᠡᠳᠦᠨ ᠦᠬᠡᠷ ᠪᠠᠶᠢᠭᠰᠠᠨ ᠠᠴᠠ ᠪᠠᠨ ᠣᠳᠣ ᠶᠢᠨ 50 ᠭᠠᠷᠤᠶ ᠰᠢᠮᠧᠨ᠋ᠳᠠᠷ ᠦᠬᠡᠷ ᠪᠣᠯᠤᠨ

ᠨᠤᠲᠤᠭ ᠤᠨ ᠡᠭᠦᠯᠳᠡᠷ ᠤᠨ ᠦᠬᠡᠷ ᠲᠠᠢ ᠪᠣᠯᠵᠤ᠂ ᠲᠣᠰᠬᠤᠨ ᠳᠤ ᠪᠠᠨ ᠪᠠᠭ᠎ᠠ ᠨᠡᠷ᠎ᠡ ᠠᠯᠳᠠᠷ ᠲᠠᠢ ᠦᠬᠡᠷ

ᠲᠡᠵᠢᠭᠡᠭᠰᠡᠨ ᠲᠣᠮᠣ ᠡᠷᠦᠬᠡ ᠪᠣᠯᠵᠠᠶ᠃

      ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠼᠤᠤ ᠬᠠᠢ ᠶᠠᠨ ᠤ ᠬᠢᠨ ᠬᠡᠳᠦᠨ ᠠᠷᠪᠠᠨ ᠲᠡᠭᠰᠢ

ᠳᠥᠷᠪᠡᠯᠵᠢᠨ ᠮᠧᠲᠷ ᠤᠨ ᠦᠬᠡᠷ ᠤᠨ ᠬᠠᠰᠢᠶ᠎ᠠ ᠠᠴᠠ ᠣᠳᠣ ᠶᠢᠨ 3000 ᠭᠠᠷᠤᠶ ᠲᠡᠭᠰᠢ ᠳᠥᠷᠪᠡᠯᠵᠢᠨ ᠮᠧᠲᠷ

ᠬᠦᠷᠲᠡᠯ᠎ᠡ ᠦᠬᠡᠷ ᠲᠡᠵᠢᠭᠡᠵᠦ ᠪᠠᠶᠠᠨ ᠴᠢᠨᠡᠭᠡᠯᠢᠭ ᠠᠮᠢᠳᠤᠷᠠᠯ ᠲᠡᠰᠢ ᠤᠷᠤᠭᠰᠢᠯᠠᠭᠰᠠᠨ ᠪᠠᠶᠢᠨ᠎ᠠ᠃ 2023

ᠣᠨ ᠳᠤ᠂ ᠠᠰᠢᠭ ᠣᠷᠣᠯᠭ᠎ᠠ ᠨᠢ 10 ᠲᠦᠮᠡᠨ ᠲᠥᠭᠦᠷᠢᠭ ᠣᠷᠴᠢᠮ ᠪᠠᠶᠢᠵᠤ᠂ ᠼᠤᠤ ᠬᠠᠶ ᠶᠠᠨ ᠢᠷᠡᠭᠡᠳᠦᠶ ᠳᠤ

ᠨᠠᠩ ᠢᠲᠡᠭᠡᠯ ᠵᠣᠷᠢᠭ ᠲᠠᠢ ᠪᠣᠯᠵᠠᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠡᠵᠢᠭᠡᠨ

ᠦᠷᠡᠵᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ᠲᠦᠰᠢᠭᠯᠡᠨ᠂ ᠼᠤᠤ ᠬᠠᠶ ᠶᠠᠨ ᠲᠡᠵᠢᠭᠡᠨ ᠦᠷᠡᠵᠢᠭᠦᠯᠬᠦ

ᠬᠡᠪᠴᠢᠶ᠎ᠡ ᠪᠠᠨ ᠥᠷᠭᠡᠳᠬᠡᠬᠦ ᠪᠠᠷ ᠲᠥᠯᠥᠪᠯᠡᠵᠦ᠂ ᠥᠪᠡᠷ ᠤᠨ ᠲᠡᠵᠢᠭᠡᠨ ᠦᠷᠡᠵᠢᠭᠦᠯᠬᠦ ᠵᠠᠮ ᠢᠶᠠᠨ ᠤᠯᠠᠮ ᠥᠷᠭᠡᠨ

ᠪᠣᠯᠭᠠᠬᠤ ᠪᠠᠷ ᠪᠠᠶᠢᠨ᠎ᠠ᠃

      ︽ ᠮᠠᠨ ᠤ ᠣᠲᠣ ᠨᠤᠲᠤᠭ ᠤᠨ ᠡᠭᠦᠯᠳᠡᠷ ᠤᠨ ᠦᠬᠡᠷ ᠪᠠ ᠰᠢᠮᠧᠨ᠋ᠳᠠᠷ ᠦᠬᠡᠷ 50 ᠭᠠᠷᠤᠶ ᠪᠣᠶ᠂ ᠡᠨᠡ

ᠵᠢᠯ ᠤᠨ ᠪᠡᠯᠡᠳᠬᠡᠭᠰᠡᠨ ᠡᠪᠦᠯ ᠤᠨ ᠲᠡᠵᠢᠭᠡᠯ ᠪᠣᠷᠳᠤᠭ᠎ᠠ 230 ᠲᠣᠨ᠂ ᠡᠪᠡᠰᠦ 30 ᠭᠠᠷᠤᠶ ᠲᠣᠨ᠂ ᠪᠣᠷᠳᠤᠭ᠎ᠠ

ᠪᠠᠷᠤᠭ 10 ᠲᠣᠨ ᠪᠠᠶᠢᠵᠤ᠂ ᠡᠨᠡ ᠵᠢᠯ ᠤᠨ ᠣᠷᠣᠯᠭ᠎ᠠ ᠶᠡᠷᠦᠩᠬᠡᠶ ᠳᠡᠭᠡᠨ ᠪᠣᠯᠴᠢᠬᠠᠨ᠎ᠠ︾ ᠭᠡᠵᠦ ᠬᠦᠷᠢᠶ᠎ᠡ

ᠰᠤᠮᠤ ᠶᠢᠨ ᠨᠢᠭᠡᠳᠦᠭᠡᠷ ᠭᠠᠴᠠᠭᠠᠨ ᠤ ᠮᠠᠯᠴᠢᠨ ᠼᠤᠤ ᠬᠠᠶ ᠶᠠᠨ ᠬᠡᠯᠡᠨ᠎ᠡ᠃

       ᠬᠦᠷᠢᠶ᠎ᠡ ᠰᠤᠮᠤ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠠᠵᠤ

ᠦᠢᠯᠡᠰ ᠢ ᠠᠳᠬᠤᠬᠤ᠂ ᠪᠦᠲᠦᠴᠡ ᠶᠢ ᠲᠤᠬᠢᠷᠠᠭᠤᠯᠬᠤ᠂ ᠬᠥᠭᠵᠢᠯᠲᠡ ᠶᠢ ᠠᠬᠢᠭᠤᠯᠬᠤ︾ ᠬᠥᠭᠵᠢᠯᠲᠡ ᠶᠢᠨ

ᠰᠡᠳᠬᠢᠴᠡ ᠶᠢᠨ ᠲᠣᠭᠤᠷᠢᠨ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ︽

ᠵᠢᠵᠢᠭ ᠬᠠᠮᠲᠤᠯᠢᠭ᠂ ᠶᠡᠭᠡ ᠬᠡᠪᠴᠢᠶ᠎ᠡ᠂ ᠣᠷᠣᠨ ᠪᠦᠰᠡ ᠠᠯᠤᠰᠯᠠᠬᠤ︾ ᠵᠠᠭᠪᠤᠷ ᠢᠶᠠᠷ ᠳᠠᠮᠵᠢᠭᠤᠯᠤᠨ᠂ ᠠᠵᠤ

ᠦᠢᠯᠡᠰ ᠤᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ

ᠨᠡᠮᠡᠭᠳᠡᠭᠦᠯᠦᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠴᠤᠭᠯᠠᠷᠠᠯ ᠤᠨ ᠦᠢᠯᠡᠳᠦᠯ ᠢᠶᠠᠷ

ᠢᠯᠡᠷᠬᠡᠶ᠂ ᠦᠬᠡᠷ ᠤᠨ ᠠᠵᠤ ᠦᠢᠯᠡᠰ ᠤᠨ ᠨᠥᠭᠡᠴᠡ ᠬᠦᠴᠦᠨ ᠲᠡᠭᠦᠯᠳᠡᠷ ᠪᠠᠶᠢᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃

 

         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠰᠤᠷᠪᠤᠯᠵᠢᠯᠠᠭᠴᠢ᠄ ᠵᠠᠩ ᠰᠢᠶᠤᠤ ᠳ᠋ᠦᠩ    ᠸᠠᠩ ᡁᠢ ᠹᠠᠩ     ᠭᠤᠤ ᠵᠢᠶᠠ ᠴᠢ

         ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号