ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠦᠶ ᠷᠧᠨ ᠨᠡᠶᠢᠭᠡᠮ ᠲᠣᠭᠤᠷᠢᠭ ᠭᠠᠷ ᠤᠷᠠᠯᠠᠯ ᠬᠦᠷᠦᠵᠦ ᠵᠣᠬᠢᠶᠠᠬᠤ  ᠪᠣᠯᠪᠠᠰᠣᠷᠡᠯ ᠤᠨ ᠠᠩᠭᠢ ᠥᠷᠨᠢᠭᠦᠯᠪᠡ
ᠨᠡᠶᠢᠲᠡᠯᠡᠭᠰᠡᠨ ᠴᠠᠭ᠄
2023/11/22
                         ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠦᠶ ᠷᠧᠨ ᠨᠡᠶᠢᠭᠡᠮ ᠲᠣᠭᠤᠷᠢᠭ 7 ᠡᠳᠦᠷ ᠤᠨ ᠬᠤᠭᠤᠴᠠᠭ᠎ᠠ ᠲᠠᠢ ᠭᠠᠷ ᠤᠷᠠᠯᠠᠯ ᠬᠦᠷᠦᠵᠦ ᠵᠣᠬᠢᠶᠠᠬᠤ ᠪᠣᠯᠪᠠᠰᠣᠷᠡᠯ ᠤᠨ ᠠᠩᠭᠢ ᠥᠷᠨᠢᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠲᠣᠰ ᠪᠡᠶ᠎ᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠵᠤ᠂ ᠪᠠᠶᠠᠵᠢᠬᠤ ᠤᠷ᠎ᠠ ᠴᠢᠳᠠᠪᠤᠷᠢ ᠪᠠᠨ ᠨᠡᠮᠡᠭᠳᠡᠭᠦᠯᠵᠦ᠂ ᠠᠵᠢᠯ ᠣᠯᠭᠤᠬᠤ ᠠᠷᠭ᠎ᠠ ᠵᠠᠮ ᠢᠶᠠᠨ ᠥᠷᠭᠡᠳᠬᠡᠵᠦ᠂ ᠡᠮᠡᠭᠲᠡᠶᠢᠴᠦᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠡᠶᠡᠯᠡᠭᠦᠯᠦᠨ᠎ᠡ᠃

      ᠪᠣᠯᠪᠠᠰᠤᠷᠠᠯ ᠤᠨ ᠠᠩᠭᠢ ᠨᠢ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠳᠡᠭᠡᠳᠦ ᠰᠤᠷᠭᠠᠭᠤᠯᠢ ᠶᠢᠨ

ᠲᠤᠬᠠᠶ ᠶᠢᠨ ᠲᠠᠯᠠᠪᠤᠷ ᠲᠤ ᠬᠢᠴᠢᠶᠡᠯ ᠣᠷᠣᠭᠤᠯᠪᠠ᠃ ᠪᠠᠭᠰᠢ ᠠᠴᠠ ᠬᠦᠷᠦᠵᠦ ᠵᠣᠬᠢᠶᠠᠬᠤ  ᠲᠥᠷᠥᠯ ᠤᠨ ᠠᠮᠤᠷ

ᠲᠦᠪᠰᠢᠨ ᠤ ᠬᠥᠮᠦᠵᠢᠯ ᠤᠨ ᠮᠡᠳᠡᠯᠭᠡ᠂ ᠣᠯᠠᠨ ᠨᠡᠶᠢᠲᠡ ᠶᠢᠨ ᠰᠠᠭᠤᠷᠢ ᠮᠡᠳᠡᠯᠭᠡ᠂ ᠪᠦᠲᠦᠭᠡᠭᠳᠡᠬᠦᠨ ᠢ ᠨᠡᠶᠢᠯᠡᠬᠦᠯᠬᠦ

ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠪᠠ ᠬᠦᠯᠢᠴᠡᠩᠭᠦᠶ ᠵᠢᠯᠣᠭᠤᠳᠣᠯᠭ᠎ᠠ ᠬᠢᠵᠦ᠂ ᠰᠤᠷᠤᠭᠴᠢ ᠨᠢᠭᠡᠪᠦᠷᠢ ᠳᠤ ᠬᠠᠮᠢᠶ᠎ᠠ

ᠪᠥᠬᠦᠶ ᠰᠤᠷᠤᠯᠴᠠᠬᠤ ᠮᠠᠲ᠋ᠧᠷᠢᠶᠠᠯ ᠪᠠ ᠪᠠᠭᠠᠵᠢ ᠬᠡᠷᠡᠭᠰᠡᠯ ᠲᠣᠬᠢᠷᠠᠭᠤᠯᠵᠤ᠂ ᠰᠤᠷᠤᠭᠴᠢᠳ ᠨᠠᠷᠢᠨ ᠬᠢᠨᠠᠮᠠᠭᠠᠶ

ᠰᠣᠨᠣᠰᠴᠤ᠂ ᠢᠳᠡᠪᠬᠢᠲᠡᠶ ᠪᠠᠷ ᠬᠥᠳᠡᠯᠦᠯᠴᠡᠨ᠂ ᠰᠠᠨᠠᠭᠠᠴᠢᠯᠠᠭ᠎ᠠ ᠠᠴᠠ ᠪᠠᠨ ᠲᠤᠷᠰᠢᠵ᠊ ᠤ᠂ ᠰᠤᠷᠤᠯᠴᠠᠬᠤ ᠠᠭᠤᠷ

ᠠᠮᠢᠰᠬᠤᠯ ᠡᠶ᠎ᠡ ᠡᠪᠲᠡᠶ ᠪᠣᠯᠪᠠ᠃

     ᠲᠣᠰ ᠤᠳᠠᠭᠠᠨ ᠤ ᠪᠣᠯᠪᠠᠰᠤᠷᠠᠭᠤᠯᠤᠯ ᠨᠢ ᠬᠡᠷ ᠪᠦᠯᠢ ᠶᠢᠨ ᠦᠢᠯᠡᠴᠢᠯᠡᠭᠡ᠂ ᠭᠠᠷ ᠨᠡᠬᠡᠮᠡᠯ᠂ ᠭᠠᠷ ᠤᠷᠠᠯᠠᠯ ᠢ

ᠪᠣᠯᠪᠠᠰᠤᠷᠠᠭᠤᠯᠬᠤ ᠪᠠ  ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠴᠠᠷᠠᠭ᠎ᠠ ᠪᠠᠷ ᠭᠤᠤᠯᠳᠠᠯᠭ᠎ᠠ

ᠪᠣᠯᠭᠠᠵᠤ᠂ ᠣᠯᠠᠨ ᠵᠦᠢᠯ ᠤᠨ ᠬᠡᠯᠪᠡᠷᠢ ᠶᠢᠨ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠶ

ᠥᠷᠨᠢᠭᠦᠯᠵᠦ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠤᠯᠠᠮ ᠨᠢᠭᠡ

ᠠᠯᠬᠤᠮ ᠥᠷᠭᠡᠳᠬᠡᠨ᠂ ᠨᠠᠩ ᠣᠯᠠᠨ ᠡᠮᠡᠭᠲᠡᠶᠢᠴᠦᠳ ᠢ ᠳᠠᠶᠢᠴᠢᠯᠠᠨ ᠲᠤᠬᠠᠶ ᠶᠢᠨ ᠭᠠᠵᠠᠷ᠂ ᠣᠶᠢᠷ᠎ᠠ ᠬᠠᠪᠢ᠂

ᠠᠮᠢᠳᠤᠯᠢᠭ ᠢᠶᠠᠷ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃

     ᠤᠯᠠᠭᠠᠨᠴᠠᠪ ᠤᠨ ᡁᠢ ᠳ᠋ᠡ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ

ᠭᠤᠤ ᠢᠦᠶ ᠴᠢᠩ᠄ ︽ᠮᠠᠨ ᠤ ᠲᠣᠰ ᠤᠳᠠᠭᠠᠨ ᠤ ᠪᠣᠯᠪᠠᠰᠤᠷᠠᠯ ᠪᠣᠯ ᠭᠤᠤᠯᠳᠠᠭᠤ ᠵᠠᠷᠢᠮ ᠬᠡᠣᠬᠡᠳ ᠬᠠᠷᠠᠵᠦ

ᠪᠠᠶᠢᠭ᠎ᠠ ᠡᠮᠡᠭᠳᠡᠶᠢᠴᠦᠳ᠂ ᠵᠡᠮᠳᠡᠭ ᠡᠮᠡᠭᠲᠡᠶᠢᠴᠦᠳ ᠢ ᠬᠠᠪᠰᠤᠷᠤᠨ ᠭᠠᠷ ᠤᠷᠠᠯᠠᠯ ᠤᠨ ᠮᠡᠷᠭᠡᠵᠢᠯ ᠰᠤᠷᠤᠯᠴᠠᠭᠤᠯᠵᠤ᠂

ᠵᠠᠬᠢᠶᠠᠯᠠᠭ᠎ᠠ ᠶᠢᠨ ᠬᠡᠯᠪᠡᠷᠢ ᠪᠠᠷ ᠳᠠᠮᠵᠢᠭᠤᠯᠤᠨ ᠲᠡᠳᠡᠨ ᠢ ᠰᠤᠯᠠ ᠰᠡᠯᠡᠭᠦᠦ ᠴᠠᠭ ᠢᠶᠠᠨ ᠠᠰᠢᠨᠨᠯᠠᠨ ᠣᠷᠣᠯᠭ᠎ᠠ ᠪᠠᠨ

ᠨᠡᠮᠡᠭᠳᠡᠬᠦᠯᠬᠦ ᠶᠢ ᠬᠦᠰᠡᠵᠦ ᠪᠠᠶᠢᠨ᠎ᠠ︾ ᠭᠡᠪᠡ᠃

      ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠰᠤᠷᠤᠯᠴᠠᠭᠰᠠᠳ ᠶᠡᠭᠡ ᠣᠯᠤᠯᠲᠠ ᠲᠠᠢ᠂ ᠭᠠᠷ ᠣᠷᠠᠯᠠᠯ ᠤᠨ

ᠤᠷ᠎ᠠ ᠮᠡᠷᠭᠡᠵᠢᠯ ᠢ ᠲᠦᠷᠭᠡᠨ ᠰᠤᠷᠤᠯᠴᠠᠭᠰᠠᠨ ᠢᠶᠠᠷ ᠪᠠᠷᠠᠬᠤ ᠦᠭᠡᠢ ᠪᠠᠰᠠ ᠵᠣᠷᠢᠭ ᠨᠢᠭᠡᠲᠡᠢ ᠨᠠᠶᠢᠵᠠ ᠤᠳ ᠲᠠᠢ

ᠨᠠᠶᠢᠵᠠᠯᠠᠵᠤ᠂ ᠪᠠᠰᠠ ᠨᠢᠭᠡ ᠵᠣᠭᠤᠰ ᠤᠯᠬᠤ ᠠᠷᠭ᠎ᠠ ᠵᠠᠮ ᠣᠯᠵᠠᠢ  ᠭᠡᠵᠦ ᠢᠯᠡᠳᠭᠡᠵᠡᠭᠡᠪᠡ᠃

      ᠬᠥᠬᠡᠪᠦᠷ ᠪᠠᠯᠭᠠᠰᠤᠨ ᠤ ᠢᠦᠶ ᠷᠧᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠶ ᠶᠠᠨ ᠷᠦᠩ᠄ ︽

ᠪᠢ ᠣᠳᠣᠬᠠᠨ ᠳᠤ ᠭᠤᠤᠯᠳᠠᠭᠤ ᠭᠡᠷ ᠲᠡᠭᠡᠨ ᠬᠡᠦᠬᠡᠳ ᠬᠠᠷᠠᠵᠦ ᠪᠠᠶᠢᠨ᠎ᠠ᠂ ᠪᠤᠰᠤᠳ ᠭᠠᠵᠠᠷ ᠲᠤ ᠠᠵᠢᠯᠯᠠᠬᠤ

ᠴᠠᠭ ᠨᠢ ᠳᠥᠭᠦᠮ ᠦᠭᠡᠢ᠂ ᠨᠢᠭᠡ ᠵᠦᠢᠯ ᠤᠨ ᠮᠡᠷᠭᠡᠵᠢᠯ ᠰᠣᠷᠴᠦ᠂ ᠬᠡᠷ ᠪᠦᠯᠢ ᠶᠢᠨ ᠳᠠᠷᠤᠭᠠᠰᠤ ᠶᠢ ᠬᠥᠩᠭᠡᠯᠡᠵᠦ᠂

ᠥᠪᠡᠷ ᠤᠨ ᠰᠣᠯᠠ ᠰᠡᠯᠡᠬᠦᠦ ᠴᠠᠭ ᠢᠶᠠᠨ ᠰᠠᠶᠢᠬᠠᠨ ᠠᠰᠢᠨᠨᠯᠠᠵᠦ᠂ ᠠᠮᠢᠳᠣᠷᠡᠯ ᠢᠶᠠᠨ ᠨᠡᠩ ᠤᠳᠬ᠎ᠠ ᠠᠭᠤᠯᠭ᠎ᠠ ᠲᠠᠢ

ᠦᠩᠭᠡᠷᠡᠬᠦᠯᠥᠶ᠎ᠡ ᠭᠡᠵᠦ ᠪᠣᠳᠣᠵᠦ ᠪᠠᠶᠢᠨ᠎ᠠ︾ ᠭᠡᠵᠦ  ᠪᠠᠶᠠᠷᠳᠠᠶᠢᠬᠠᠨ ᠬᠡᠯᠡᠪᠡ᠃

           ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

           ᠰᠤᠷᠪᠤᠯᠵᠢᠯᠠᠭᠴᠢ᠄ ᠵᠠᠩ ᠹᠧᠢ ᠢᠦᠢ ᠸᠠᠩ ᡁᠢ ᠹᠠᠩ

           ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号