ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ᠄ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠨᠢ ᠤᠯᠠᠨ ᠲᠦᠮᠡᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/22
          ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠬᠡᠪ ᠴᠢᠨᠠᠷ ᠪᠠ ᠠᠵᠢᠯ ᠤᠯᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠥᠳᠡᠯᠮᠦᠷᠢ ᠬᠦᠴᠦᠨ ᠤ ᠠᠵᠢᠯ ᠤᠯᠬᠤ ᠬᠦᠰᠡᠯ ᠡᠷᠡᠮᠡᠯᠵᠡᠯ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠯᠠᠨ ᠲᠡᠰ ᠳᠠᠪᠬᠤᠷᠭ᠎ᠠ ᠤᠯᠠᠨ ᠲᠦᠷᠦᠯ ᠤᠨ ᠬᠡᠷᠡᠭᠯᠡᠭᠡᠨ ᠤ ᠴᠢᠨᠠᠷ ᠢᠶᠠᠷ ᠴᠢᠩᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠢᠷᠢᠰ ᠪᠣᠯᠪᠠᠰᠤᠷᠠᠯ ᠢ ᠥᠷᠨᠢᠭᠦᠯᠵᠦ᠂ ᠤᠯᠠᠨ ᠲᠦᠮᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠪᠣᠯᠤᠨ ᠠᠵᠢᠯ ᠣᠯᠵᠤ ᠦᠢᠯᠡᠰ ᠪᠤᠰᠬᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠲᠦᠷᠦᠭᠦᠬᠡᠨ᠂ ᠤᠰᠤᠲᠤ ᠪᠠᠯᠭᠠᠰᠤᠨ ᠤ ᠶᠡᠭᠡ ᠣᠪᠣᠭ᠎ᠠ ᠲᠣᠰᠬᠤᠨ ᠳᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠢᠴᠢ ᠪᠠᠭᠠᠵᠢ ᠦᠢᠯᠡᠳᠬᠦ ᠪᠣᠯᠪᠠᠰᠤᠷᠠᠯ ᠤᠨ ᠠᠩᠭᠢ ᠡᠷᠭᠢᠯᠡᠪᠡ᠃

      ᠪᠣᠯᠪᠠᠰᠤᠷᠠᠭᠤᠯᠤᠯ ᠨᠢ ᠣᠨᠣᠯ ᠤᠨ ᠬᠢᠴᠢᠶᠡᠯ ᠪᠠ ᠲᠤᠬᠠᠶ ᠶᠢᠨ ᠲᠠᠯᠠᠪᠤᠷ ᠤᠨ ᠦᠢᠯᠡᠳᠦᠯᠭᠡ ᠶᠢᠨ

ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠤᠤᠯᠳᠠᠭᠤᠯᠵᠤ᠂ ᠭᠠᠷ ᠤᠷᠠᠯᠠᠯ ᠦᠢᠯᠡᠳᠬᠦ ᠶᠢᠨ

ᠲᠣᠭᠤᠷᠢᠨ ᠳᠤ ᠬᠢᠴᠢᠶᠡᠯ ᠣᠷᠣᠵᠤ᠂ ᠪᠠᠭᠰᠢ ᠠᠴᠠ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠮᠡᠳᠡᠯᠭᠡ ᠶᠢ

ᠬᠦᠯᠢᠴᠡᠩᠭᠦᠶ ᠨᠢᠮᠪᠠᠶ ᠤᠯᠠᠮᠵᠢᠯᠠᠵᠤ᠂ ᠰᠤᠷᠤᠭᠴᠢᠳ ᠢ ᠨᠠᠩ ᠭᠦᠨᠵᠡᠭᠡᠶ ᠣᠶᠢᠯᠠᠭᠠᠭᠤᠯᠤᠨ ᠰᠤᠷᠤᠯᠴᠠᠭᠤᠯᠬᠤ ᠶᠢᠨ

ᠬᠠᠮᠲᠤ ᠲᠤᠬᠠᠶ ᠶᠢᠨ ᠲᠠᠯᠠᠪᠤᠷ ᠲᠤ ᠰᠤᠷᠤᠭᠴᠢᠳ ᠤᠨ ᠳᠤᠷᠠᠳᠤᠭᠰᠠᠨ ᠠᠵᠢᠯᠯᠠᠭᠠᠨ ᠤ ᠬᠦᠴᠢᠷ ᠠᠰᠠᠭᠤᠳᠠᠯ ᠢ

ᠬᠠᠷᠢᠭᠤᠯᠵᠤ᠂ ᠰᠤᠷᠤᠯᠴᠠᠭᠰᠠᠳ ᠨᠠᠷᠢᠨ ᠬᠢᠨᠠᠮᠠᠭᠠᠶ ᠰᠣᠨᠣᠰᠴᠤ᠂ ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠶ

ᠣᠷᠣᠯᠴᠠᠨ᠂ ᠪᠣᠯᠪᠠᠰᠤᠷᠠᠭᠤᠯᠤᠯ ᠤᠨ ᠠᠭᠤᠷ ᠠᠮᠢᠰᠬᠤᠯ ᠮᠠᠰᠢ ᠬᠥᠭᠵᠢᠶᠡᠨᠲᠡᠶ ᠪᠣᠯᠪᠠ᠃ ᠤᠷ᠎ᠠ ᠴᠢᠳᠠᠪᠤᠷᠢ ᠶᠢᠨ

ᠪᠣᠯᠪᠠᠰᠤᠷᠠᠯ ᠪᠣᠯᠤᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠲᠤ ᠨᠢᠭᠡ ᠵᠦᠢᠯ ᠤᠨ

ᠮᠡᠷᠭᠡᠵᠢᠯ ᠢ ᠨᠠᠩ ᠰᠠᠶᠢᠨ ᠡᠵᠡᠮᠰᠢᠭᠦᠯᠵᠦ᠂ ᠲᠣᠰ ᠪᠡᠶ᠎ᠡ ᠶᠢᠨ ᠠᠵᠢᠯ ᠤᠯᠬᠤ ᠴᠢᠳᠠᠪᠤᠷᠢ ᠶᠢ ᠨᠢ ᠲᠡᠭᠡᠭᠰᠢᠯᠡᠬᠦᠯᠪᠡ᠃

     ᠲᠣᠰ ᠤᠳᠠᠭᠠᠨ ᠤ ᠪᠣᠯᠪᠠᠰᠤᠷᠠᠭᠤᠯᠤᠯ ᠨᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠢᠴᠢ

ᠪᠠᠭᠠᠵᠢ ᠬᠡᠷᠡᠭᠰᠡᠯ ᠢ ᠦᠢᠯᠡᠳᠬᠦ ᠶᠢ ᠨᠡᠶᠢᠲᠡ 3 ᠬᠤᠭᠤᠴᠠᠭ᠎ᠠ ᠥᠷᠨᠢᠭᠦᠯᠵᠦ᠂ ᠬᠤᠭᠤᠴᠠᠭ᠎ᠠ ᠪᠦᠷᠢ ᠶᠢᠨ

ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ ᠪᠠᠶᠢᠵᠤ᠂ ᠠᠩᠭᠢ ᠪᠦᠷᠢ ᠶᠢᠨ ᠪᠣᠯᠪᠠᠰᠤᠷᠠᠭᠤᠯᠤᠯ ᠤᠨ ᠬᠥᠮᠦᠨ ᠤ

ᠲᠤᠭ᠎ᠠ ᠨᠢ 39 ᠬᠥᠮᠦᠨ ᠪᠣᠯᠤᠨ᠎ᠠ᠃

     ᠣᠲᠣ ᠪᠣᠯᠲᠠᠯ᠎ᠠ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢᠭᠡᠨᠲᠡ ᠭᠠᠷ

ᠤᠷᠠᠯᠠᠯ ᠤᠨ ᠪᠦᠲᠦᠭᠡᠭᠳᠡᠬᠦᠨ ᠦᠢᠯᠡᠳᠬᠦ᠂ ᠺᠣᠮᠫᠢᠦ᠋ᠲ᠋ᠧᠷ ᠰᠡᠯᠪᠢᠨ ᠵᠠᠰᠠᠬᠤ ᠵᠡᠷᠭᠡ 8 ᠬᠤᠭᠤᠴᠠᠭᠠᠨ ᠤ

ᠪᠣᠯᠪᠠᠰᠤᠷᠠᠭᠤᠯᠤᠯ ᠢ ᠡᠷᠭᠢᠯᠡᠵᠦ᠂ ᠪᠣᠯᠪᠠᠰᠤᠷᠠᠯ ᠳᠤ ᠣᠷᠣᠯᠴᠠᠭᠰᠠᠨ ᠰᠣᠷᠣᠭᠴᠢ 300 ᠭᠠᠷᠤᠶ ᠬᠥᠮᠦᠨ

ᠤᠳᠠᠭ᠎ᠠ ᠳᠤ ᠬᠦᠷᠴᠡᠶ᠃

 

         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠰᠤᠷᠪᠤᠯᠵᠢᠯᠠᠭᠴᠢ᠄ ᠭᠤᠣ ᠸᠧᠢ

         ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号