ᠤᠯᠠᠭᠠᠨᠴᠠᠪ ᠬᠤᠲᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠪᠠᠶᠢᠴᠠᠭᠠᠬᠤ ᠳᠠᠷᠤᠭ᠎ᠠ ᠭᠦᠸᠧ ᠸᠧᠨ ᠰᠢᠤ ᠵᠡᠭᠡᠷᠡᠲᠦ ᠬᠤᠲᠠ ᠪᠠᠯᠭᠠᠰᠤᠨ ᠤ ᠳ᠋ᠦᠩ ᠶᠢᠦ ᠹᠠᠩ ᠲᠣᠰᠬᠤᠨ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/11/23
           11 ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠪᠠᠶᠢᠴᠠᠭᠠᠬᠤ ᠳᠠᠷᠤᠭ᠎ᠠ ᠭᠦᠸᠧ ᠸᠧᠨ ᠰᠢᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ ᠴᠢᠶᠣᠤ ᠱᠤ᠋ ᠫᠢᠩ ᠨᠡᠷ ᠵᠡᠭᠡᠷᠡᠲᠦ ᠬᠤᠲᠠ ᠪᠠᠯᠭᠠᠰᠤᠨ ᠤ ᠳ᠋ᠦᠩ ᠶᠢᠦ ᠹᠠᠩ ᠲᠣᠰᠬᠤᠨ ᠤ ᠨᠠᠮ ᠤᠨ ᠡᠭᠦᠷ ᠲᠤ ᠭᠦᠨᠵᠡᠭᠡᠶᠢᠷᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠣᠭᠤᠷᠢᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠮᠧᠩ ᠴᠢᠩ ᠢᠦᠢ᠂ ᠰᠢᠶᠠᠩ ᠪᠠᠯᠭᠠᠰᠤᠨ ᠤ ᠬᠡᠰᠡᠭ ᠨᠠᠮ ᠤᠨ ᠬᠤᠷᠢᠶᠠᠨ ᠤ ᠭᠡᠰᠢᠭᠦᠨ ᠵᠢᠴᠢ ᠳ᠋ᠦᠩ ᠶᠢᠦ ᠹᠠᠩ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ︽︿ᠬᠤᠶᠠᠷ ᠢ ᠲᠣᠨᠨᠳᠠᠭᠠᠨᠨᠰᠠᠨ﹀  ᠤ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ︾ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃

     ᠭᠦᠸᠧ ᠸᠧᠨ ᠰᠢᠤ ᠵᠢᠭᠠᠵᠤ ᠭᠠᠷᠭᠠᠭᠰᠠᠨ ᠨᠢ᠂ ︽ᠬᠤᠶᠠᠷ ᠢ ᠲᠣᠨᠨᠳᠠᠭᠠᠨᠨᠰᠠᠨ︾ ᠪᠣᠯ ᠨᠠᠮ ᠤᠨ ᠠᠷᠪᠠᠨ

ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠬᠠᠮᠤᠭ ᠤᠨ ᠴᠢᠬᠤᠯᠠ ᠤᠯᠤᠰ ᠲᠦᠷᠦ ᠶᠢᠨ ᠦᠷ᠎ᠡ ᠪᠦᠲᠦᠭᠡᠯ᠂

ᠬᠠᠮᠤᠭ ᠤᠨ ᠴᠢᠬᠤᠯᠠ ᠲᠡᠦᠬᠡᠨ ᠳ᠋ᠦᠩᠨᠡᠯᠲᠡ ᠪᠣᠯᠤᠨ᠎ᠠ᠂ ︽ᠬᠤᠶᠠᠷ ᠢ ᠲᠣᠨᠨᠳᠠᠭᠠᠨᠨᠰᠠᠨ︾ ᠤ ᠰᠢᠢᠳᠪᠦᠷᠢᠯᠡᠭᠴᠢ

ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠡᠭᠦᠨ ᠤ ᠳᠣᠲᠣᠷᠠᠬᠢ ᠲᠡᠦᠬᠡ ᠶᠢᠨ ᠯᠣᠭᠢᠭ᠂

ᠤᠨᠤᠯ ᠤᠨ ᠯᠣᠭᠢᠭ ᠪᠣᠯᠤᠨ ᠠᠬᠤᠶᠢᠴᠢ ᠯᠣᠭᠢᠭ ᠢ ᠭᠦᠨᠵᠡᠭᠡᠢ ᠡᠵᠡᠮᠳᠡᠵᠦ᠂ ᠤᠬᠠᠮᠰᠠᠷ ᠠᠴᠠ ᠪᠠᠨ ︽ᠬᠤᠶᠠᠷ ᠢ

ᠲᠣᠨᠨᠳᠠᠭᠠᠨᠨᠰᠠᠨ︾ ᠢ ᠡᠷᠡᠰ ᠬᠦᠷᠢᠶᠡᠯᠡᠭᠴᠢ ᠪᠠ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠦᠭᠴᠢ

ᠪᠣᠯᠬᠤ ᠬᠡᠷᠡᠭᠲᠡᠢ᠃ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠤᠶᠢᠯᠠᠭᠠᠨ

ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠭᠦᠨ ᠵᠤᠵᠠᠭᠠᠨ ᠬᠠᠶᠢᠷ᠎ᠠ ᠬᠠᠯᠠᠮᠵᠢ ᠪᠠ

ᠬᠦᠰᠡᠯ ᠨᠠᠶᠢᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ

ᠴᠢᠷᠮᠠᠶᠢᠨ ᠪᠢᠴᠢᠭᠯᠡᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ

ᠲᠠᠯ᠎ᠠ ᠪᠠᠷ ᠣᠨᠣᠪᠴᠢᠲᠠᠶ ᠡᠵᠡᠮᠳᠡᠵᠦ᠂ ᠰᠢᠨ᠎ᠡ ᠠᠶᠠᠨ ᠵᠠᠮ ᠳᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂

ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ

ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾ ᠢ ᠪᠥᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ

ᠪᠠᠶᠢᠭᠤᠯᠤᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃

     

      ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

      ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号