ᠫᠢᠩ ᠠᠨ ᠪᠠᠩᠬᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠵᠢᠯ ᠤᠨ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ ᠭᠤᠸᠠᠩ ᠴᠠᠩ ᠯᠦᠩ ᠳᠤ ᠬᠦᠷᠴᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/11/23
          ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠢᠯᠤᠭᠤᠳᠤᠯᠭ᠎ᠠ ᠳᠣᠣᠷ᠎ᠠ᠂ ᠫᠢᠩ ᠠᠨ ᠪᠠᠩᠬᠢ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠬᠢ ᠪᠠᠷ ᠳᠠᠮᠵᠢᠨ ᠦᠢᠯᠡᠰ ᠪᠤᠰᠬᠠᠬᠤ ᠶᠢ ᠥᠷᠨᠢᠭᠦᠯᠵᠦ᠂ ᠮᠥᠩᠭᠦᠨ ᠭᠦᠢᠯᠭᠡᠭᠡ ᠪᠠᠷ ᠬᠥᠳᠡᠭᠡ ᠲᠣᠰᠬᠤᠨ ᠢ ᠪᠠᠶᠠᠵᠢᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ᠃ 11 ᠰᠠᠷ᠎ᠠ ᠶᠢᠨ 21 ᠤ ᠡᠳᠦᠷ᠂ ᠫᠢᠩ ᠠᠨ ᠪᠠᠩᠬᠢ ᠶᠢᠨ ᠪᠠᠶᠠᠵᠢᠯ ᠤᠨ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠯᠢ ᠹᠧᠩ ᠨᠠᠷ ᠭᠤᠸᠠᠩ ᠴᠠᠩ ᠯᠦᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ᠪᠣᠯᠪᠠᠰᠤᠷᠠᠯ ᠤᠨ ᠪᠠᠶᠢᠳᠠᠯ ᠤᠨ ᠲᠤᠬᠠᠢ ᠬᠠᠷᠢᠭᠤ ᠰᠤᠷᠪᠤᠯᠵᠢᠯᠠᠭ᠎ᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠳ᠋ ᠬᠤᠰᠢᠭᠤᠨ ᠳᠠᠷᠤᠭ᠎ᠠ ᠬᠤ᠋ ᠢᠦᠶ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠳᠤᠮᠳᠠᠳᠤ ᠬᠤᠰᠢᠭᠤᠨ ᠤ ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠠᠶ ᠫᠢᠩ ᠵᠢᠴᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠶᠠᠩ ᠪᠠᠯᠭᠠᠰᠤ᠂ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠺᠠᠳ᠋ᠷ ᠶᠠᠷᠢᠯᠴᠠᠬᠤ ᠬᠤᠷᠠᠯ ᠳᠤ ᠣᠷᠣᠯᠴᠠᠪᠠ᠃

      ᠯᠢ ᠹᠧᠩ ᠨᠠᠷ ᠭᠤᠸᠠᠩ ᠴᠠᠩ ᠯᠦᠩ ᠲᠣᠰᠬᠤᠨ ᠤ ᠵᠢᠦ ᠴᠢᠦᠢ ᠰᠣᠶᠣᠯ ᠤᠨ ᠣᠷᠳᠣᠨ᠂ ᠬᠠᠮᠲᠤ ᠶᠢᠨ

ᠠᠵᠤ ᠠᠬᠤᠢ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠦᠷᠳᠡᠭᠡ

ᠵᠡᠷᠭᠡ ᠶᠢ ᠪᠠᠶᠢᠴᠠᠭᠠᠨ ᠦᠵᠡᠪᠡ᠃  ᠲᠡᠷᠡ ᠫᠢᠩ ᠠᠨ ᠪᠠᠩᠬᠢ ᠣᠷᠳᠣ ᠬᠤᠭᠤᠴᠠᠭᠠᠨ ᠤ ᠲᠤᠷᠰᠢ ᠠᠵᠤ ᠦᠢᠯᠡᠰ ᠢ

ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠶ ᠣᠷᠣᠯᠴᠠᠵᠤ᠂ ᠳᠤᠮᠳᠠᠳᠤ ᠬᠤᠰᠢᠭᠤᠨ ᠤ ᠬᠥᠲᠥᠴᠢ ᠠᠵᠤ

ᠠᠬᠤᠶᠢᠯᠠᠯ ᠤᠨ ᠶᠢᠨ ᠱᠠᠨ ᠰᠢᠯᠢᠳᠡᠭ ᠪᠣᠭᠤᠳᠠᠶ ᠶᠢ ᠳᠡᠮᠵᠢᠪᠡ᠂ ᠡᠨᠡ ᠤᠳᠠᠭ᠎ᠠ ᠭᠤᠸᠠᠩ ᠴᠠᠩ ᠯᠦᠩ

ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠭᠠᠵᠠᠷ ᠤᠨ ᠠᠵᠤ ᠦᠶ᠋ᠯᠡᠰ ᠤᠨ

ᠬᠥᠭᠵᠢᠯᠲᠡ ᠳᠤ ᠦᠨᠡᠨ ᠬᠦ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ ᠬᠡᠵᠦ ᠢᠯᠡᠷᠬᠡᠶᠢᠯᠡᠪᠡ᠃

             

              ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

              ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号