ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠤᠯᠠᠭᠠᠨᠬᠠᠶᠠᠭ᠎ᠠ ᠰᠤᠮᠤᠨ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠢ ᠵᠢᠯᠣᠭᠤᠳᠤᠨ ᠠᠬᠢᠭᠤᠯᠪᠠ
ᠨᠡᠶᠢᠲᠡᠯᠡᠭᠰᠡᠨ ᠴᠠᠭ᠄
2023/11/9
             11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠣᠯᠠᠭᠠᠨᠬᠠᠶᠠᠭ᠎ᠠ ᠰᠤᠮᠤᠨ ᠳᠤ ᠭᠦᠨᠵᠡᠭᠡᠶᠢᠷᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠵᠢᠯᠣᠭᠤᠳᠤᠨ ᠠᠬᠢᠭᠤᠯᠬᠤ ᠳᠠᠭᠠᠨ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠪᠦᠲᠦᠮᠵᠢ ᠪᠠᠷ ᠢᠶᠠᠨ ᠭᠤᠤᠯ ᠰᠡᠳᠦᠪᠲᠦ ᠬᠥᠮᠦᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠶ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠠᠩ ᠪᠢᠨ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠤᠯᠠᠭᠠᠨᠬᠠᠶᠠᠭ᠎ᠠ ᠰᠤᠮᠤ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃

     ᠭᠤᠤ ᠰᠧᠨ ᠤᠯᠠᠭᠠᠨᠬᠠᠶᠠᠭ᠎ᠠ ᠰᠤᠮᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠮᠵᠢᠯᠲᠠ ᠶᠢ ᠨᠤᠲᠠᠯᠠᠬᠤ ᠶᠢᠨ

ᠬᠠᠮᠲᠤ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ

ᠲᠣᠭᠤᠰᠢᠯᠠᠭᠤᠯᠬᠤ ᠶᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠺᠠᠳ᠋ᠷᠴᠤᠳ ᠢ ᠬᠦᠳᠦᠯᠦᠨ

ᠵᠢᠯᠣᠭᠤᠳᠴᠤ ᠪᠠᠶᠢᠭᠠᠳ ᠰᠤᠷᠤᠯᠴᠠᠯᠭ᠎ᠠ ᠶᠢᠨ ᠳᠤᠮᠳᠠ ᠴᠢᠳᠠᠮᠠᠭᠠᠢ ᠪᠠᠷ ᠠᠭᠤᠳᠠᠯᠤᠨ ᠳ᠋ᠦᠩᠨᠡᠵᠦ᠂ ᠨᠠᠮ ᠤᠨ

ᠰᠢᠨᠵᠢᠯᠡᠬᠦ ᠤᠬᠠᠭᠠᠨᠴᠢ ᠤᠨᠤᠯ ᠤᠨ ᠳᠤᠮᠳᠠ ᠠᠴᠠ ᠵᠢᠮ᠎ᠡ ᠶᠣᠰᠣ ᠶᠢ ᠣᠶᠢᠯᠠᠭᠠᠵᠤ᠂ ᠴᠢᠭᠯᠡᠯ ᠢ ᠲᠣᠳᠣᠷᠬᠠᠶᠢᠯᠠᠵᠤ᠂

ᠠᠷᠭ᠎ᠠ ᠶᠢ ᠰᠤᠷᠤᠯᠴᠠᠭᠤᠯᠵᠤ᠂ ᠤᠶᠤᠨ ᠤᠬᠠᠭᠠᠨ ᠢ ᠨᠡᠮᠡᠭᠳᠡᠭᠦᠯᠵᠦ᠂ ᠡᠷᠳᠡᠮ ᠴᠢᠳᠠᠪᠤᠷᠢ᠂ ᠨᠠᠮ ᠢᠶᠠᠨ ᠮᠠᠨᠳᠤᠭᠤᠯᠬᠤ

ᠴᠢᠳᠠᠪᠤᠷᠢ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠶᠢ ᠡᠵᠡᠮᠰᠢᠵᠦ᠂ ᠠᠷᠠᠳ ᠤᠯᠠᠨ ᠤ ᠬᠦᠴᠢᠷ

ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠬᠦ ᠬᠡᠷᠡᠭᠲᠡᠢ᠃

     ᠭᠤᠤ ᠰᠧᠨ ᠴᠢᠬᠤᠯᠠᠴᠢᠯᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠭᠤᠤᠯ ᠰᠡᠳᠦᠪᠲᠦ

ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂  ᠭᠤᠤᠯ ᠰᠡᠳᠦᠪᠲᠦ

ᠬᠥᠮᠦᠵᠢᠯ ᠢ ᠥᠷᠨᠢᠭᠦᠯᠬᠦ ᠪᠣᠯ ᠪᠦᠬᠦ ᠨᠠᠮ ᠤᠨ ᠦᠵᠡᠯ ᠰᠠᠨᠠᠭ᠎ᠠ ᠵᠣᠷᠢᠭ ᠰᠠᠨᠠᠭ᠎ᠠ ᠦᠢᠯᠡ ᠠᠵᠢᠯᠯᠠᠭ᠎ᠠ ᠶᠢ ᠨᠢᠭᠡᠳᠬᠡᠬᠦ

᠂ ᠨᠠᠮ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠢᠮᠠᠭᠲᠠ ᠪᠠᠷᠢᠮᠲᠠᠯᠠᠬᠤ ᠶᠢᠨ

ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠶᠢ ᠭᠦᠨᠵᠡᠭᠡᠶ ᠲᠠᠨᠢᠬᠤ ᠬᠡᠷᠡᠭᠲᠡᠶ︔ ᠥᠷᠭᠡᠨ ᠣᠯᠠᠨ ᠨᠠᠮ ᠤᠨ ᠭᠡᠰᠢᠭᠦᠨ

ᠺᠠᠳ᠋ᠷ ᠤᠨ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ᠂ ᠠᠵᠢᠯ

ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢᠨ ᠵᠠᠶᠢᠯᠠᠰᠢ ᠦᠭᠡᠢ

ᠱᠠᠭᠠᠷᠳᠠᠯᠭ᠎ᠠ ᠮᠥᠨ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ᠂ ᠨᠠᠮ ᠤᠨ

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠵᠠᠶᠢᠯᠠᠰᠢ

ᠦᠭᠡᠢ ᠱᠠᠭᠠᠷᠳᠠᠯᠭ᠎ᠠ ᠮᠥᠨ᠂ ᠨᠠᠷᠢᠨ ᠬᠢᠨᠠᠮᠠᠭᠠᠶ ᠬᠠᠷᠢᠭᠤᠴᠠᠬᠤ ᠣᠪᠣᠷ᠂ ᠦᠨᠡᠨ ᠢ ᠪᠠᠷᠢᠮᠲᠠᠯᠠᠨ ᠪᠣᠳᠠᠲᠠᠶ ᠶᠢ

ᠡᠷᠬᠢᠮᠯᠡᠬᠦ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠵᠣᠬᠢᠶᠠᠨ ᠪᠠᠶᠢᠭᠤᠯᠵᠤ᠂

ᠰᠠᠶᠢᠲᠤᠷ ᠥᠷᠨᠢᠭᠦᠯᠬᠦ ᠬᠡᠷᠡᠭᠲᠡᠶ᠃

      ᠭᠤᠤ ᠰᠧᠨ ᠱᠠᠭᠠᠷᠳᠠᠭᠰᠠᠨ ᠨᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠡᠮᠦᠨ᠎ᠡ ᠨᠢ ᠶᠠᠪᠤᠵᠤ᠂

ᠤᠷᠢᠳᠠᠪᠠᠷ ᠳᠠᠭᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠥᠷᠪᠡ ᠶᠢ

ᠦᠨᠳᠦᠰᠦᠨ ᠱᠠᠲᠤᠨ ᠳᠤ ᠪᠠᠭᠤᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠤ ᠪᠠᠶᠢᠳᠠᠯ ᠢ

ᠨᠠᠷᠢᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠢ ᠰᠠᠶᠢᠲᠤᠷ ᠳ᠋ᠦᠩᠨᠡᠵᠦ᠂ ᠰᠠᠶᠢᠲᠤᠷ ᠳᠡᠯᠭᠡᠷᠡᠭᠦᠯᠵᠦ᠂

ᠰᠠᠶᠢᠲᠤᠷ ᠬᠥᠭᠵᠢᠭᠦᠯᠵᠦ᠂ ᠭᠤᠤᠯ ᠰᠡᠳᠦᠪᠲᠦ ᠬᠥᠮᠦᠵᠢᠯ ᠢ ᠦᠨᠡᠨᠬᠦ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ

ᠬᠡᠷᠡᠭᠲᠡᠶ᠃ ᠤᠯᠤᠰ ᠲᠥᠷᠥ ᠶᠢᠨ ᠪᠣᠯᠪᠠᠰᠤᠷᠠᠯ ᠢ ᠺᠠᠳ᠋ᠷ ᠤᠨ ᠦᠰᠦᠨ ᠪᠤᠶᠢᠵᠢᠯᠲᠠ ᠶᠢᠨ ᠪᠥᠬᠦ ᠦᠶᠡᠯᠡᠯ ᠤᠨ

ᠬᠤᠭᠤᠴᠠᠭᠠᠨ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠴᠢᠭᠯᠡᠯ ᠢᠶᠠᠨ ᠡᠷᠢᠵᠦ᠂ ᠢᠲᠡᠭᠡᠯ

ᠵᠣᠷᠢᠭ ᠢᠶᠠᠨ ᠨᠡᠮᠡᠭᠳᠡᠭᠦᠯᠦᠨ᠂ ᠪᠣᠳᠠᠲᠠᠶ ᠲᠠᠢ ᠤᠶᠠᠯᠳᠤᠭᠤᠯᠤᠨ ᠠᠷᠭ᠎ᠠ ᠡᠷᠢᠵᠦ᠂ ᠬᠤᠪᠢᠷᠠᠭᠤᠯᠤᠯᠲᠠ ᠶᠢ ᠠᠬᠢᠭᠤᠯᠪᠠ

᠃ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂

ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂

ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ

ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃

      ᠬᠤᠷᠠᠯ ᠳᠤ ᠣᠷᠣᠯᠴᠠᠭᠰᠠᠨ ᠠᠬᠠᠮᠠᠳ ᠨᠠᠮ ᠤᠨ ᠭᠡᠰᠢᠭᠦᠨ ᠺᠠᠳ᠋ᠷᠴᠤᠳ᠂ ᠨᠠᠮ ᠤᠨ ᠵᠥᠪ ᠤᠳᠤᠷᠢᠳᠤᠯᠭ᠎ᠠ

ᠳᠣᠣᠷ᠎ᠠ᠂ ᠬᠤᠶᠢᠰᠢᠳᠠ ᠲᠤᠰ ᠪᠡᠶ᠎ᠡ ᠶᠢᠨ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ ᠢᠶᠠᠨ

ᠨᠠᠩ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤ ᠡᠭᠦᠷᠭᠡ ᠪᠠᠨ ᠨᠡᠩ ᠰᠠᠶᠢᠲᠤᠷ ᠭᠦᠢᠴᠡᠳᠬᠡᠵᠦ᠂ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠰᠡᠳᠦᠪᠲᠦ ᠬᠥᠮᠦᠵᠢᠯ ᠪᠣᠯᠤᠨ ᠦᠢᠯᠡᠳᠪᠦᠷᠢᠯᠡᠯ ᠠᠮᠢᠳᠤᠷᠠᠯ ᠤᠨ

ᠳᠤᠮᠳᠠ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠤᠯᠠᠭᠠᠨᠬᠠᠶᠠᠭ᠎ᠠ

ᠰᠤᠮᠤ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠢᠳᠡᠪᠬᠢ ᠬᠦᠴᠦᠨ ᠨᠡᠮᠡᠷᠢᠯᠡᠵᠦ᠂ ᠨᠠᠮ ᠤᠨ

ᠦᠢᠯᠡᠰ ᠲᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃

     ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ

ᠬᠠᠷᠢᠭᠤᠴᠠᠯᠭᠠᠲᠠᠨ᠂ ᠣᠯᠠᠭᠠᠨᠬᠠᠶᠠᠭ᠎ᠠ ᠰᠤᠮᠤ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ︽ᠬᠤᠶᠠᠷ

ᠲᠥᠯᠥᠭᠡᠯᠡᠭᠴᠢ ᠨᠢᠭᠡ ᠭᠡᠰᠢᠭᠦᠨ︾᠂ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃

       

           ᠵᠣᠬᠢᠶ᠋ᠬᠠᠴᠢ᠄  ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ

ᠲᠥᠪ

          ᠰᠤᠷᠪᠤᠯᠵᠢᠯᠠᠭᠴᠢ  ᠄ ᠵᠠᠩ ᠹᠧᠢ ᠢᠦᠢ    ᠶᠠᠩ ᠸᠧᠨ ᠶᠠᠨ

          ᠣᠷᠴᠢᠭᠤᠯᠣᠨᠨᠴᠢ᠄  ᠭᠧ ᠲᠣᠸᠠᠨ ᠯᠢᠶᠡᠨ

         

       

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号