ᠵᠡᠭᠡᠷᠡᠲᠦ ᠬᠤᠲᠠ ᠪᠠᠯᠭᠠᠰᠤ 2023 ᠣᠨ ᠤ ᠨᠠᠮ ᠤᠨ ᠡᠭᠦᠷ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
         ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠵᠢᠯ ᠢ ᠪᠠᠷᠢᠮᠲᠠᠯᠠᠨ ᠲᠡᠭᠦᠯᠳᠡᠷᠵᠢᠬᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠥᠭᠡ᠂ 12 ᠰᠠᠷ᠎ᠠ ᠶᠢᠨ 15 ᠤ ᠡᠳᠦᠷ᠂ ᠵᠡᠭᠡᠷᠡᠲᠦ ᠬᠤᠲᠠ ᠪᠠᠯᠭᠠᠰᠤ 2023 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ ᠬᠤᠷᠠᠯ ᠢ ᠡᠷᠬᠢᠯᠡᠪᠡ᠃

     ᠬᠤᠷᠠᠯ ᠳᠡᠭᠡᠷ᠎ᠡ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ 2023 ᠣᠨ ᠤ ᠨᠠᠮ ᠤᠨ

ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠣᠯᠤᠭᠰᠠᠨ ᠠᠮᠵᠢᠯᠲᠠ᠂ ᠣᠷᠣᠰᠢᠵᠤ ᠪᠠᠶᠢᠭ᠎ᠠ

ᠠᠰᠠᠭᠤᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠬᠡᠳᠦᠨ ᠲᠠᠯ᠎ᠠ ᠶᠢᠨ

ᠲᠣᠭᠤᠷᠢᠨ ᠳᠤ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠲᠤᠰ ᠤᠳᠠᠭ᠎ᠠ ᠶᠢᠨ ᠬᠤᠷᠠᠯ ᠠᠴᠠ 2023

ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ

ᠲᠠᠯ᠎ᠠ ᠪᠠᠷ ᠳ᠋ᠦᠩᠨᠡᠵᠦ᠂ 2024 ᠣᠨ ᠤ ᠠᠵᠢᠯ ᠤᠨ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂

ᠡᠯ᠎ᠡ ᠲᠣᠰᠬᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠪᠣᠯᠤᠨ

ᠰᠠᠨᠠᠭᠠᠴᠢᠯᠠᠭᠠᠲᠤ ᠴᠢᠨᠠᠷ ᠢ ᠴᠢᠨᠠᠭᠰᠢᠳᠠ ᠳᠡᠭᠡᠭᠰᠢᠯᠡᠭᠦᠯᠪᠡ᠃

     ᠪᠠᠭ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ

ᠦᠨᠡᠯᠡᠯᠲᠡ ᠬᠢᠪᠡ᠃

     ᠾᠧ ᠯᠢᠶᠠᠨ ᠾᠧᠦ ᠱᠦᠵᠢ ᠠᠴᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠣᠰ ᠤᠳᠠᠭᠠᠨ ᠤ

ᠲᠤᠰᠢᠶᠠᠯ ᠤᠨ ᠮᠡᠳᠡᠭᠦᠯᠦᠯᠲᠡ ᠬᠢᠬᠦ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ

ᠠᠯᠬᠤᠮ ᠳᠡᠭᠡᠭᠰᠢᠯᠡᠭᠦᠯᠦᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ

ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷ ᠤᠨ ᠪᠠᠶᠢᠴᠠᠭᠠᠵᠦ ᠭᠠᠷᠭᠠᠭᠰᠠᠨ ᠠᠰᠠᠭᠤᠳᠠᠯ᠂ ᠤᠳᠤᠷᠢᠳᠬᠤ

ᠪᠠᠭ ᠤᠨ ᠪᠦᠷᠢᠯᠳᠦᠬᠦᠨ ᠤ ᠦᠨᠡᠯᠡᠯᠲᠡ ᠶᠢᠨ ᠠᠰᠠᠭᠤᠳᠠᠯ᠂ ᠳᠡᠭᠡᠳᠦ ᠱᠠᠲᠤᠨ ᠤ ᠤᠳᠤᠷᠢᠳᠤᠯᠭ᠎ᠠ ᠶᠢᠨ ᠵᠢᠭᠠᠵᠤ

ᠭᠠᠷᠭᠠᠭᠰᠠᠨ ᠠᠰᠠᠭᠤᠳᠠᠯ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠵᠢᠴᠢ ᠣᠯᠠᠨ ᠲᠦᠮᠡᠨ ᠤ ᠲᠤᠰᠬᠠᠭᠰᠠᠨ

ᠠᠰᠠᠭᠤᠳᠠᠯ ᠳᠤ ᠴᠢᠭᠯᠡᠭᠦᠯᠦᠨ᠂ ᠨᠠᠷᠢᠨ ᠬᠢᠨᠠᠮᠠᠭᠠᠶ ᠡᠮᠬᠢᠯᠡᠨ ᠵᠠᠳᠠᠯᠵᠤ᠂ ᠠᠰᠠᠭᠤᠳᠠᠯ ᠤᠨ ᠨᠠᠷᠢᠨ ᠲᠠᠩᠰᠠ᠂

ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠭᠠᠷᠭᠠᠵᠤ᠂ ᠵᠤᠷᠪᠤᠰ

ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠴᠡᠭᠴᠡᠯᠡᠨ

ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠳᠤ

ᠣᠷᠣᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ ᠪᠣᠳᠠᠲᠠᠶ ᠠᠳᠬᠤᠵᠤ᠂ ᠦᠷ᠎ᠡ

ᠪᠦᠲᠦᠮᠵᠢ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃

         

          ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

          ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号