ᠡᠮ ᠲᠠᠩ ᠠᠴᠠ ᠰᠡᠳᠬᠢᠯ ᠤᠨ ᠲᠠᠮᠢᠷ ᠴᠢᠬᠤᠯᠠ
ᠨᠡᠶᠢᠲᠡᠯᠡᠭᠰᠡᠨ ᠴᠠᠭ᠄
2023/2/14
                 ᠬᠠᠯᠳᠠᠪᠦᠷᠢᠲᠦ ᠬᠢᠵᠢᠭ ᠰᠠᠮᠠᠭᠤᠷᠠᠭᠰᠡᠨ ᠭᠤᠷᠪᠠᠨ ᠵᠢᠯ ᠤᠨ ᠲᠤᠷᠰᠢ᠂ ︽ᠡᠪᠡᠳᠴᠢᠨ ᠦᠬᠡᠢ ᠪᠤᠯ ᠵᠢᠷᠭᠠᠯ︾ ᠬᠡᠰᠡᠨ ᠦᠬᠡ ᠤᠯᠠᠨ ᠬᠦᠮᠦᠰ ᠤᠨ ᠰᠡᠳᠬᠢᠯ ᠳᠤ ᠬᠠᠳᠠᠩᠰᠢᠯ᠎ᠠ᠃ ᠶᠠᠭ ᠡᠨᠡ ᠬᠦ ᠬᠢᠵᠢᠭ ᠲᠠᠢ ᠲᠡᠮᠡᠴᠡᠭᠰᠡᠨ ᠲᠤᠯᠤᠯᠳᠤᠭᠠᠨ ᠰᠢᠪᠳᠤᠷᠠᠭᠠᠨ ᠳᠠᠭᠠᠨ ᠤᠷᠤᠬᠤ ᠦᠶᠡᠰ ᠬᠢᠵᠢᠭ ᠠᠴᠠ ᠰᠡᠷᠬᠡᠶᠢᠯᠡᠬᠦ ᠡᠮ᠂ ᠠᠮᠠᠪᠴᠢ᠂ ᠠᠷᠢᠭᠤᠳᠬᠠᠭᠤᠷ ᠵᠡᠷᠬᠡ ᠶᠢ ᠨᠦᠬᠡᠴᠡᠯᠡᠬᠦ ᠬᠠᠯᠠᠮᠰᠢᠯ ᠪᠤᠯᠵᠦ᠂ ᠬᠠᠮᠤᠭ ᠬᠦᠮᠦᠰ ᠤᠶᠢᠮᠡᠯᠳᠦᠨ᠂ ᠶᠡᠭᠡ ᠬᠡᠮᠵᠢᠶ᠎ᠡ ᠪᠠᠷ ᠬᠤᠳᠠᠯᠳᠤᠨ ᠠᠪᠴᠤ ᠨᠦᠬᠡᠴᠡᠯᠡᠭᠰᠡᠨ ᠠᠴᠠ ᠬᠢᠵᠢᠭ ᠠᠴᠠ ᠰᠡᠷᠭᠡᠶᠢᠯᠡᠬᠦ ᠡᠮ ᠤᠨ ᠵᠦᠢᠯᠡᠰ ᠪᠠᠶᠢᠳᠤᠭᠠᠢ ᠲᠠᠭᠰᠢᠭᠤᠷ ᠢ ᠵᠠᠰᠠᠬᠤ ᠡᠮ ᠴᠦ ᠲᠤᠳᠠᠬᠤ ᠪᠤᠯᠵᠤ᠂ ᠬᠠᠮᠤᠭ ᠤᠯᠠᠨ ᠤ ᠬᠠᠯᠠᠮᠰᠢᠯ ᠪᠤᠯᠤᠭᠰᠡᠨ ᠬᠠᠯᠠᠭᠤᠨ ᠢ ᠪᠠᠭᠤᠷᠠᠭᠤᠯᠬᠤ ᠡᠮ ᠴᠦ ᠪᠣᠷᠣᠯᠠᠭᠤᠯᠭ᠎ᠠ ᠲᠠᠰᠤᠷᠠᠭᠰᠡᠨ ᠪᠠᠶᠢᠨ᠎ᠠ᠃     ᠶᠠᠷᠢᠶᠠᠨ ᠦᠬᠡᠢ ᠬᠢᠵᠢᠭ ᠠᠴᠠ ᠰᠡᠷᠬᠡᠶᠢᠯᠡᠬᠦ ᠡᠮ ᠨᠢ ᠬᠦᠮᠦᠨ ᠪᠦᠬᠦᠨ ᠤ ᠡᠷᠡᠬᠦᠯ ᠮᠡᠨᠳᠦ ᠳᠤ ᠰᠢᠭᠤᠳ ᠬᠤᠯᠪᠤᠭᠳᠠᠨ᠎ᠠ᠂ ᠬᠡᠳᠡᠯ᠎ᠠ ᠤᠳᠤᠬᠠᠨ ᠤ ᠪᠠᠶᠢᠳᠠᠯ ᠲᠤᠤᠷ᠎ᠠ ᠬᠢᠵᠢᠭ ᠡᠪᠡᠳᠴᠢᠨ ᠢ ᠰᠡᠷᠬᠡᠶᠢᠯᠡᠬᠦ ᠳᠤ ᠰᠢᠨᠵᠢᠯᠡᠬᠦ ᠤᠬᠠᠭᠠᠨᠴᠢ ᠪᠠᠷ ᠬᠠᠨᠳᠤᠨ᠂ ᠠᠯᠢᠪᠠ ᠶᠠᠪᠤᠳᠠᠯ ᠳᠤ ᠯᠠᠪᠳᠠᠭᠤᠨ ᠲᠣᠭᠲᠠᠭᠤᠨ ᠪᠠᠶᠢᠬᠤ ᠪᠣᠯ ᠪᠢᠳᠡᠨ ᠤ ᠠᠮᠢᠳᠤᠷᠠᠯ ᠳᠤ ᠬᠠᠨᠳᠤᠬᠤ ᠬᠠᠮᠤᠭ ᠤᠨ ᠰᠠᠶᠢᠨ ᠣᠪᠣᠷ ᠪᠠᠶᠢᠳᠠᠯ ᠪᠣᠯᠤᠨ᠎ᠠ᠃       ᠶᠠᠭᠤᠨ ᠤ ᠤᠷᠢᠳ ᠦᠭᠡ ᠶᠠᠷᠢᠶ᠎ᠠ ᠪᠠᠨ ᠡᠵᠡᠮᠳᠡᠬᠦ ᠬᠡᠷᠡᠭᠲᠠᠢ᠃ ᠬᠢᠵᠢᠭ ᠤᠨ ᠪᠠᠶᠢᠳᠠᠯ ᠭᠠᠷᠬᠤ ᠦᠶ᠎ᠡ ᠳᠤ ᠡᠯᠳᠡᠪ ᠵᠦᠢᠯ ᠤᠨ ᠮᠡᠳᠡᠭᠡ ᠵᠠᠩᠬᠢ ᠭᠠᠵᠠᠷ ᠰᠠᠢ ᠦᠭᠡᠢ ᠰᠣᠨᠣᠰᠳᠠᠵᠦ᠂ ᠨᠠᠵᠠᠭᠠᠢ ᠪᠤᠷᠤᠭᠤ ᠮᠡᠳᠡᠭᠡ ᠶᠢ ᠡᠳᠦᠷᠵᠢᠨ ᠰᠤᠨᠤᠰᠬᠤ ᠪᠤᠶᠤ ᠦᠨᠳᠦᠰᠦ ᠪᠠᠷᠢᠮᠳᠠ ᠦᠬᠡᠢ ᠦᠬᠡ ᠬᠡᠯᠡᠵᠦ ᠣᠷᠣ ᠦᠭᠡᠢ ᠭᠠᠵᠠᠷ ᠤᠪᠤᠭ᠎ᠠ ᠪᠤᠰᠬᠠᠬᠤ ᠠᠵᠢᠯᠯᠠᠭ᠎ᠠ ᠶᠢ ᠬᠢᠬᠦ ᠦᠬᠡᠢ ᠪᠠᠶᠢᠬᠤ ᠨᠢ ᠳᠠᠷᠤᠶ ᠥᠪᠡᠷ ᠢ ᠪᠠᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ᠃       ᠵᠠᠷᠢᠮ ᠬᠦᠮᠦᠨ ᠬᠤᠳᠠᠯ ᠬᠠᠭᠤᠷᠮᠠᠭ ᠮᠡᠳᠡᠭᠡ ᠵᠠᠩᠬᠢ ᠶᠢ ᠦᠵᠡᠭᠡᠳ ᠤᠬᠠᠭᠠᠨ ᠲᠥᠬᠦᠭᠡ ᠶᠢ ᠨᠢ ᠤᠯᠬᠤ ᠦᠭᠡᠢ ᠪᠠᠷ ᠪᠠᠴᠢᠮᠳᠠᠨ ᠰᠠᠨᠳᠤᠷᠬᠤ ᠪᠤᠶᠤ ᠠᠮᠢᠳᠤᠷᠠᠯ ᠤᠨ ᠠᠷᠰᠠᠷ ᠶᠠᠪᠤᠳᠠᠯ ᠠᠴᠠ ᠪᠤᠬᠢᠨᠢᠳᠤᠯ ᠲᠦᠷᠦᠵᠦ᠂ ᠡᠳᠦᠷᠵᠢᠨ ᠵᠤᠪᠠᠨᠢᠬᠤ ᠪᠤᠶᠤ ᠭᠤᠮᠤᠳᠠᠯ ᠢᠶᠠᠨ ᠲᠤᠭᠠᠴᠢᠭᠰᠠᠭᠠᠷ ᠪᠠᠶᠢᠵᠦ ᠬᠠᠮᠤᠭ ᠡᠴᠤᠰ ᠲᠤᠨᠢ ᠦᠪᠡᠷ ᠤᠨ ᠪᠡᠶ᠎ᠠ ᠨᠢ ᠡᠪᠡᠳᠴᠢᠨ ᠬᠢᠵᠢᠭ ᠲᠤ ᠤᠨᠤᠭᠳᠠᠳᠠᠭ᠃ ᠭᠠᠶ ᠭᠠᠮᠰᠢᠭ ᠵᠠᠷᠢᠮ ᠳᠠᠭᠠᠨ ᠭᠠᠳᠠᠭᠠᠳᠤ ᠵᠢᠷᠲᠢᠨᠴᠦ ᠠᠴᠠ ᠢᠷᠡᠬᠦ ᠪᠠᠷ ᠪᠠᠷᠠᠬᠤ ᠥᠬᠡᠶ᠂ ᠪᠠᠰᠠ ᠪᠢᠳᠡᠨ ᠤ ᠳᠣᠲᠣᠭᠠᠳᠤ ᠰᠡᠳᠭᠢᠯ ᠠᠴᠠ ᠢᠷᠡᠳᠡᠭ᠂ ᠨᠠᠵᠠᠭᠠᠶ ᠰᠡᠳᠭᠢᠯᠭᠡ ᠳᠡᠭᠡᠨ ᠵᠥᠪ ᠢᠶᠠᠷ ᠬᠠᠨᠳᠤᠨ᠂ ᠰᠡᠳᠭᠢᠴᠡ ᠶᠢᠨ ᠰᠡᠷᠭᠡᠶᠢᠯᠡᠯᠲᠡ ᠶᠢᠨ ᠱᠤᠭᠤᠮ ᠢᠶᠠᠨ ᠪᠠᠳᠤᠳᠬᠠᠬᠤ ᠨᠢ ᠸᠢᠷᠦ᠋ᠰ ᠢ ᠰᠡᠷᠬᠡᠶᠢᠯᠡᠬᠦ ᠬᠠᠮᠤᠭ ᠤᠨ ᠰᠠᠶᠢᠨ ᠡᠮ ᠪᠤᠯᠬᠤ ᠶᠤᠮ᠃        ᠪᠢᠳᠡ ᠣᠷᠴᠢᠨ ᠲᠣᠭᠤᠷᠢᠨ ᠢᠶᠠᠨ ᠬᠤᠪᠢᠷᠠᠭᠤᠯᠵᠤ ᠴᠢᠳᠠᠬᠤ ᠦᠭᠡᠢ᠂ ᠭᠡᠪᠡᠴᠦ ᠥᠪᠡᠷ ᠤᠨ ᠰᠡᠳᠭᠢᠯ ᠰᠠᠨᠠᠭ᠎ᠠ ᠪᠠᠨ ᠲᠣᠬᠢᠷᠠᠭᠤᠯᠵᠤ ᠡᠵᠡᠮᠳᠡᠵᠤ ᠪᠣᠯᠤᠨ᠎ᠠ᠃ ᠰᠡᠳᠬᠢᠯ ᠰᠠᠨᠠᠭ᠎ᠠ ᠪᠤᠬᠢᠨᠢᠳᠤᠬᠤ ᠦᠶᠡᠰ ᠨᠣᠮ ᠤᠩᠰᠢᠬᠤ ᠪᠤᠶᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠨ ᠪᠡᠶ᠎ᠡ ᠮᠠᠬᠠᠪᠣᠳ ᠢᠶᠠᠨ ᠪᠤᠯᠪᠠᠰᠤᠷᠠᠭᠤᠯᠬᠤ ᠡᠰᠡᠪᠡᠯ ᠠᠮᠢᠳᠦᠷᠠᠯ ᠳᠠᠭᠠᠨ ᠲᠦᠯᠦᠪᠯᠡᠭᠡ ᠲᠤᠭᠲᠠᠭᠠᠨ ᠬᠡᠪ ᠤᠨ ᠵᠤᠷᠰᠢᠯ ᠢᠶᠠᠷ ᠢᠶᠠᠨ ᠲᠠᠶᠢᠪᠤᠡᠭ ᠠᠮᠢᠳᠤᠷᠡᠬᠤ ᠴᠢᠬᠤᠯᠠᠳᠠᠢ᠃ ᠭᠤᠷᠪᠠᠨ ᠵᠢᠯ ᠤᠨ ᠬᠢᠵᠢᠭ ᠤᠨ ᠬᠤᠭᠤᠴᠠᠭᠠᠨ ᠳᠤ᠂ ᠵᠠᠷᠢᠮ ᠬᠦᠮᠦᠨ ᠨᠢᠭᠳᠠᠯᠠᠨ ᠪᠤᠳᠤᠭᠴᠢ ᠶᠢᠨ ᠦᠨᠡᠮᠯᠡᠯ ᠠᠪᠤᠭᠰᠡᠨ᠂ ᠵᠠᠷᠢᠮ ᠬᠦᠮᠦᠨ ᠲᠣᠭᠤᠭᠠᠴᠢ ᠪᠤᠯᠵᠦ᠂ ᠡᠮᠴᠢ ᠰᠤᠪᠢᠯᠠᠭᠴᠢ ︽ᠪᠠᠶᠢᠯᠳᠤᠭᠴᠢ︾ ᠪᠣᠯᠵᠤ᠂ ᠪᠠᠭᠰᠢ ᠨᠢ ︽ᠨᠡᠪᠲᠡᠷᠡᠭᠦᠯᠦᠭᠴᠢ︾ ᠪᠤᠯᠤᠭᠰᠡᠨ ᠬᠡᠳᠡᠭ᠂ ᠠᠮᠢᠳᠦᠷᠠᠯ ᠳᠠᠭᠠᠨ ᠢᠳᠡᠬᠡᠯ ᠲᠠᠢ ᠪᠠᠶᠢᠭᠠᠴᠢ᠂ ︽ᠤᠰᠤ ᠦᠵᠡᠬᠡᠳᠤ᠋  ᠢ ᠪᠠᠷ ᠬᠤᠷᠮᠤᠢ ᠪᠠᠨ ᠰᠢᠭᠤᠵᠦ᠂ ᠭᠤᠤᠯ ᠦᠵᠡᠬᠡᠳᠦᠢ ᠪᠠᠷ ᠭᠤᠳᠤᠯ ᠢᠶᠠᠨ ᠲᠠᠶᠢᠯᠬᠤ︾ ᠶᠢᠨ ᠤᠷᠤᠨ ᠳᠤ ᠲᠤᠯᠵᠦ ᠢᠷᠡᠭᠰᠡᠨ ᠵᠤᠪᠠᠯᠠᠩ ᠢ ᠲᠤᠭᠤᠯᠤᠭᠠᠳ ᠭᠠᠷᠬᠤ ᠬᠠᠳᠠᠨ ᠵᠤᠷᠢᠭ ᠢᠶᠠᠷ ᠦᠪᠡᠷ ᠢ ᠪᠠᠨ ᠵᠠᠪᠰᠡᠭᠯᠠᠪᠠᠯ ᠵᠤᠬᠢᠨ᠎ᠠ᠃      ᠬᠦᠯ ᠬᠤᠷᠢᠭ᠎ᠠ ᠲᠠᠯᠪᠢᠭᠰᠡᠨ ᠴᠠᠭ ᠮᠦᠴᠡ ᠳᠤ᠂ ᠬᠢᠵᠢᠭ ᠡᠪᠡᠳᠴᠢᠨ ᠢ ᠰᠡᠷᠬᠡᠶᠢᠯᠡᠬᠦ ᠳᠤ ᠬᠦᠮᠦᠨ ᠪᠦᠬᠦᠨ ᠦᠪᠡᠷ ᠠᠴᠠ ᠪᠠᠨ ᠡᠬᠢᠯᠡᠵᠦ᠂ ᠰᠡᠷᠬᠡᠶᠢᠯᠡᠯᠳᠡ ᠶᠢᠨ ᠠᠷᠭ᠎ᠠ ᠠᠪᠴᠠᠯ ᠢ ᠰᠢᠨᠵᠢᠯᠡᠬᠦ ᠤᠬᠠᠭᠠᠨᠴᠢ ᠪᠠᠷ ᠨᠠᠶᠢᠳᠠᠪᠦᠷᠢᠵᠢᠭᠤᠯᠬᠤ ᠶᠢᠨ ᠬᠠᠮᠳᠦ ᠥᠪᠡᠷ ᠢ ᠪᠠᠨ ᠲᠣᠭᠲᠠᠪᠤᠷᠢᠵᠢᠭᠤᠯᠤᠨ᠂ ᠪᠡᠶ᠎ᠡ ᠰᠡᠳᠭᠢᠯ ᠢᠶᠠᠨ ᠲᠠᠶᠢᠪᠤᠰᠢᠷᠠᠭᠤᠯᠵᠤ᠂ ᠵᠣᠪᠠᠨᠢᠬᠤ ᠥᠬᠡᠶ᠂ ᠪᠠᠴᠢᠮᠳᠠᠬᠤ ᠥᠬᠡᠶ᠂ ᠰᠣᠬᠤᠷ ᠪᠠᠯᠠᠶ ᠪᠠᠷ ᠡᠮ ᠨᠦᠬᠡᠴᠡᠯᠡᠬᠦ ᠥᠬᠡᠶ᠂ ᠳᠤᠷ᠎ᠠ ᠪᠠᠷ ᠢᠶᠠᠨ ᠡᠮ ᠬᠡᠷᠡᠭᠯᠡᠬᠦ ᠥᠬᠡᠶ ᠪᠠᠶᠢᠵᠤ᠂ ᠡᠳᠦᠷ ᠲᠤᠲᠤᠮ ᠤᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠢᠳᠦᠷᠠᠯ ᠳᠠᠭᠠᠨ ᠦᠬᠡᠳᠡᠷᠬᠡᠭ ᠬᠠᠨᠳᠤᠬᠤ ᠨᠢ ᠬᠠᠮᠤᠭ ᠤᠨ ᠴᠢᠬᠤᠯᠠ ᠶᠤᠮ᠃      
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号