| ᠥᠯᠥᠨ ᠢᠶᠠᠷ ᠥᠳᠬᠡᠨ ᠴᠠᠶ ᠶᠡᠭᠡ ᠤᠤᠭᠤᠬᠤ ᠪᠤᠶᠤ ᠺᠣᠹᠧ ᠬᠡᠲᠦᠷᠬᠡᠶ ᠠᠷᠪᠢᠨ ᠤᠤᠭᠤᠪᠠᠯ᠂ ᠵᠢᠷᠦᠬᠡᠨ | ᠴᠣᠬᠢᠯᠭ᠎ᠠ ᠲᠦᠷᠭᠡᠰᠴᠦ᠂ ᠴᠡᠭᠡᠵᠢ ᠪᠠᠭᠲᠠᠷᠠᠬᠤ᠂ ᠵᠢᠷᠦᠬᠡ ᠲᠦᠭᠰᠢᠬᠦ ᠵᠡᠷᠭᠡ ᠡᠪ ᠥᠬᠡᠶ ᠪᠠᠶᠢᠳᠠᠯ ᠢ ᠪᠣᠶ ᠪᠣᠯᠭᠠᠵᠤ | ᠮᠡᠳᠡᠨ᠎ᠡ︔ ᠥᠯᠥᠨ ᠢᠶᠠᠷ ᠠᠷᠢᠬᠢ ᠤᠤᠭᠤᠪᠠᠯ ᠠᠮᠠᠷᠬᠠᠨ ᠴᠢᠰᠤᠨ ᠰᠢᠬᠢᠷ ᠳᠣᠣᠷ᠎ᠠ ᠪᠣᠯᠵᠤ᠂ ᠲᠣᠯᠣᠭᠠᠢ ᠡᠷᠭᠢᠬᠦ᠂ | ᠬᠦᠢᠲᠡᠨ ᠬᠥᠯᠥᠰᠥ ᠭᠠᠷᠬᠤ ᠵᠡᠷᠭᠡ ᠡᠪ ᠦᠭᠡᠢ ᠰᠢᠨᠵᠢ ᠲᠡᠮᠳᠡᠭ ᠢᠯᠡᠷᠡᠨ᠎ᠡ᠃ ᠥᠯᠥᠨ ᠢᠶᠠᠷ ᠬᠦᠢᠲᠡᠨ ᠢᠳᠡᠭᠡᠨ | ᠢᠳᠡᠬᠦ ᠦᠬᠡᠢ ᠪᠣᠯ ᠰᠠᠶᠢᠨ᠃ ᠲᠡᠷᠡ ᠨᠢ ᠬᠤᠳᠣᠭᠤᠳᠣ ᠭᠡᠳᠡᠰᠦᠨ ᠳᠤ ᠰᠡᠳᠦᠯᠲᠡ ᠥᠭᠴᠦ᠂ ᠤᠳᠠᠭᠠᠨ ᠳᠠᠭᠠᠨ | ᠬᠤᠳᠣᠭᠤᠳᠣ ᠭᠡᠳᠡᠰᠦᠨ ᠤ ᠡᠪᠡᠳᠴᠢᠨ ᠢ ᠡᠭᠦᠰᠭᠡᠳᠡᠭ᠃ ᠬᠤᠳᠣᠭᠤᠳᠣ ᠭᠡᠨᠡᠳᠲᠡ ᠬᠦᠢᠲᠡᠨ ᠪᠣᠯᠬᠤ ᠨᠢ | ᠵᠢᠷᠦᠬᠡᠨ ᠳᠤ ᠰᠡᠳᠦᠯᠲᠡ ᠥᠭᠴᠦ ᠮᠡᠳᠡᠨ᠎ᠡ᠃ ᠡᠶᠢᠮᠦ ᠠᠴᠠ ᠬᠦᠢᠲᠡᠨ ᠤᠮᠳᠠᠭᠠᠨ ᠢ ᠬᠠᠮᠤᠭ ᠰᠠᠶᠢᠨ ᠨᠢ | ᠬᠤᠭᠤᠯᠠᠨ ᠤ ᠳᠤᠮᠳᠠ ᠤᠤᠭᠤᠨ᠎ᠠ᠂ ᠥᠯᠥᠨ ᠦᠶ᠎ᠡ ᠳᠤ᠂ ᠴᠠᠳᠲᠠᠯ᠎ᠠ ᠢᠳᠡᠭᠰᠡᠨ ᠤ ᠳᠠᠷᠠᠭ᠎ᠠ ᠪᠠ ᠶᠡᠭᠡ ᠬᠥᠯᠥᠰᠥ | ᠭᠠᠷᠬᠤ ᠦᠶ᠎ᠡ ᠳᠤ ᠪᠦᠷ ᠤᠤᠭᠤᠵᠤ ᠪᠣᠯᠬᠤ ᠦᠭᠡᠢ᠃ | ᠥᠯᠥᠨ ᠢᠶᠠᠷ ᠲᠥᠪᠡᠳ ᠬᠠᠰᠢ ᠢᠳᠡᠵᠦ ᠪᠣᠯᠤᠨ᠎ᠠ᠃ ᠲᠦᠬᠦᠬᠡᠢ ᠲᠥᠪᠡᠳ ᠬᠠᠰᠢ ᠢᠳᠡᠬᠦ ᠦᠭᠡᠢ ᠪᠣᠶᠣ | ᠡᠰᠡᠬᠦᠯ᠎ᠡ ᠨᠢᠭᠡ ᠯᠡ ᠳᠡᠭᠡᠷ᠎ᠡ ᠠᠷᠪᠢᠨ ᠢᠳᠡᠬᠦ ᠦᠬᠡᠢ ᠪᠣᠯ ᠰᠠᠶᠢᠨ᠃ ᠭᠡᠪᠡᠴᠦ ᠬᠤᠳᠣᠭᠤᠳᠣ ᠭᠡᠳᠡᠰᠦᠨ ᠤ | ᠠᠵᠢᠯᠯᠠᠭ᠎ᠠ ᠮᠠᠭᠤ ᠵᠠᠷᠢᠮ ᠬᠥᠮᠦᠰ᠂ ᠵᠢᠱᠢᠶᠡᠯᠡᠪᠡᠯ ᠥᠲᠡᠯᠦᠭᠡ ᠬᠥᠮᠦᠰ ᠥᠯᠥᠨ ᠢᠶᠠᠷ ᠲᠥᠪᠡᠳ ᠬᠠᠰᠢ ᠶᠢ ᠠᠷᠪᠢᠨ | ᠢᠳᠡᠵᠦ ᠪᠣᠯᠬᠤ ᠥᠬᠡᠶ᠃ ᠶᠡᠭᠡ ᠦᠯᠦᠰᠦᠭᠡᠳ ᠬᠤᠭᠤᠯᠠ ᠢᠳᠡᠬᠦ ᠳᠤ ᠪᠠᠰᠠ ᠡᠮᠦᠨ᠎ᠡ ᠬᠤᠶᠢᠨ᠎ᠠ ᠳᠡᠰ | ᠳᠠᠷᠠᠭ᠎ᠠ ᠲᠠᠢ ᠪᠠᠶᠢᠪᠠᠯ ᠵᠤᠬᠢᠨ᠎ᠠ᠃ ᠤᠷᠢᠳ ᠢᠶᠠᠷ ᠨᠣᠭᠤᠭ᠎ᠠ ᠵᠠᠭᠤᠰᠢ ᠢᠳᠡᠵᠦ᠂ ᠳᠠᠷᠠᠭ᠎ᠠ ᠨᠢ ᠮᠢᠬ᠎ᠠ ᠵᠡᠷᠭᠡ | ᠤᠭᠤᠷᠠᠭ ᠲᠠᠢ ᠵᠥᠢᠯᠡᠰ ᠢᠳᠡᠨ᠎ᠡ᠃ ᠬᠡᠷᠪᠡ ᠡᠬᠢᠯᠡᠩᠭᠦᠳᠡ ᠮᠠᠰᠢ ᠣᠯᠠᠨ ᠲᠤᠲᠤᠷᠭᠠᠨ ᠭᠤᠯᠢᠷ ᠤᠨ ᠴᠠᠷᠳᠠᠭᠤᠯ ᠤᠨ | ᠲᠥᠷᠥᠯ ᠤᠨ ᠢᠳᠡᠭᠡᠨ ᠢ ᠢᠳᠡᠪᠡᠯ ᠪᠠᠰᠠ ᠠᠮᠠᠷᠬᠠᠨ ᠴᠢᠰᠤᠨ ᠰᠢᠬᠢᠷ ᠢ ᠲᠦᠷᠭᠡᠨ ᠳᠡᠭᠡᠭᠰᠢᠯᠡᠭᠦᠯᠵᠦ᠂ ᠪᠡᠶ᠎ᠡ ᠶᠢᠨ | ᠳᠣᠲᠣᠭᠠᠳᠤ ᠶᠢᠨ ᠨᠦᠢᠷ ᠤᠨ ᠠᠷᠠᠯ ᠳᠤ ᠰᠡᠳᠦᠯᠲᠡ ᠥᠭᠭᠦᠨ᠎ᠡ᠃ ᠬᠠᠮᠤᠭ ᠰᠡᠭᠦᠯ ᠳᠤ ᠵᠢᠮᠢᠰ ᠢᠳᠡᠪᠡᠯ ᠵᠤᠬᠢᠨ᠎ᠠ᠂ | ᠤᠴᠢᠷ ᠨᠢ ᠵᠢᠮᠢᠰ ᠤᠨ ᠰᠢᠬᠢᠷᠯᠢᠭ ᠤᠨ ᠬᠡᠮᠵᠢᠶ᠎ᠡ ᠶᠡᠭᠡ ᠮᠥᠷᠲᠡᠭᠡᠨ ᠪᠦᠷ ᠠᠮᠠᠷᠬᠠᠨ ᠰᠢᠩᠭᠡᠭᠡᠳᠡᠭ᠂ ᠬᠡᠷᠪᠡ | ᠥᠯᠥᠨ ᠢᠶᠠᠷ ᠢᠳᠡᠪᠡᠯ ᠴᠢᠰᠤᠨ ᠰᠢᠬᠢᠷ ᠢ ᠪᠠᠰᠠ ᠠᠮᠠᠷᠬᠠᠨ ᠨᠡᠮᠡᠭᠳᠡᠭᠦᠯᠦᠨ᠎ᠡ᠃ ᠰᠢᠬᠢᠷᠯᠢᠭ ᠢᠳᠡᠭᠡᠨ ᠠᠴᠠ ᠬᠠᠮᠤᠭ | ᠰᠠᠶᠢᠨ ᠨᠢ ᠬᠤᠯᠠᠬᠠᠨ ᠪᠤᠢ᠂ ᠬᠡᠷᠪᠡ ᠢᠳᠡᠶ᠎ᠡ ᠭᠡᠪᠡᠯ ᠬᠤᠭᠤᠯᠠᠨ ᠤ ᠲᠠᠷᠠᠭ᠎ᠠ ᠢᠳᠡᠭᠡᠷᠡᠢ᠃ | | | |