ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠨᠥᠬᠦᠪᠥᠷᠢ ᠮᠥᠩᠭᠦ ᠶᠢ ᠢᠩᠭᠢᠵᠦ ᠭᠤᠶᠤᠴᠢᠯᠠᠨ ᠠᠪᠤᠨ᠎ᠠ
ᠨᠡᠶᠢᠲᠡᠯᠡᠭᠰᠡᠨ ᠴᠠᠭ᠄
2023/2/14
         ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ︽ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠵᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠠᠵᠢᠯ ᠠᠯᠳᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠪᠠ᠃     ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠨᠥᠬᠦᠪᠥᠷᠢ ᠮᠥᠩᠭᠦ ᠶᠢ ᠬᠡᠷᠬᠢᠨ ᠭᠤᠶᠤᠴᠢᠯᠠᠬᠤ ᠪᠣᠶ︖     1.【 ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢᠳ ᠤᠨ ᠵᠢᠵᠢᠭ ᠫᠷᠤᠭ᠍ᠷᠠᠮ 】→ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠣᠷᠣᠵᠤ᠂  ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠡᠳᠡᠭᠡ ᠵᠠᠩᠭᠢ ᠶᠢ ᠪᠠᠶᠢᠴᠠᠭᠠᠨ ᠦᠵᠡᠨ᠎ᠡ᠃     2. ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠶᠢ ᠲᠣᠪᠴᠢᠳᠠᠵᠤ᠂ ᠭᠤᠶᠤᠴᠢᠯᠠᠨ ᠠᠪᠤᠭᠰᠠᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠶᠢ ᠰᠦᠯᠵᠢᠶᠡᠨ ᠳᠡᠭᠡᠷ᠎ᠡ ᠭᠤᠶᠤᠴᠢᠯᠠᠨ ᠠᠪᠬᠤ ᠦᠢᠯᠡᠴᠢᠯᠡᠭᠡ ᠶᠢ ᠨᠡᠭᠡᠭᠡᠭᠰᠡᠨ ᠡᠰᠡᠬᠦ ᠶᠢ ᠯᠠᠪᠯᠠᠨ᠎ᠠ᠃ ᠣᠳᠣᠬᠠᠨ ᠳᠤ ᠪᠦᠬᠦ ᠤᠯᠤᠰ ᠤᠨ ᠪᠤᠶ ᠪᠦᠬᠦᠢ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠪᠣᠯᠤᠨ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢ ᠴᠥᠮ ᠨᠢᠭᠡᠳᠦᠯᠲᠡᠶ ᠭᠤᠶᠤᠴᠢᠯᠠᠨ ᠠᠪᠬᠤ ᠦᠢᠯᠡᠴᠢᠯᠡᠭᠡ ᠭᠠᠷᠭᠠᠭᠰᠠᠨ ᠪᠠᠶᠢᠨ᠎ᠠ᠃     3. ᠨᠢᠭᠡᠨᠲᠡ ᠦᠢᠯᠡᠴᠢᠯᠡᠭᠡ ᠨᠡᠪᠲᠡᠷᠡᠭᠦᠯᠦᠭᠰᠡᠨ ᠭᠠᠵᠠᠷ ᠣᠷᠣᠨ ᠪᠦᠬᠦᠨ ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢ ︽ᠭᠤᠶᠤᠴᠢᠯᠠᠨ ᠠᠪᠬᠤ︾ ᠲᠣᠪᠴᠢ ᠶᠢ ᠲᠣᠪᠴᠢᠳᠠᠵᠤ᠂ ᠳᠠᠭᠠᠳᠬᠠᠯ ᠳᠤ ᠣᠷᠣᠯᠴᠠᠭᠰᠠᠨ ᠭᠠᠵᠠᠷ᠂ ᠪᠠᠩᠬᠢ ᠶᠢᠨ ᠲᠠᠩᠰᠠᠨ ᠨᠣᠮᠧᠷ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠤᠶᠤ ᠪᠢᠴᠢᠵᠦ ᠣᠷᠣᠭᠤᠯᠪᠠᠯ ᠳᠠᠷᠤᠶ ᠭᠤᠶᠤᠴᠢᠯᠠᠯ ᠢ ᠪᠡᠶᠡᠯᠡᠭᠦᠯᠵᠦ ᠪᠣᠯᠤᠨ᠎ᠠ᠃    4. ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢᠨ ︽ᠨᠠᠷᠢᠨ ᠪᠠᠶᠢᠳᠠᠯ ᠢ ᠪᠠᠶᠢᠴᠠᠭᠠᠨ ᠦᠵᠡᠬᠦ︾ ᠲᠣᠪᠴᠢ ᠶᠢ ᠲᠣᠪᠴᠢᠳᠠᠪᠠᠯ᠂ ᠭᠤᠶᠤᠴᠢᠯᠠᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠬᠢᠨᠠᠨ ᠪᠠᠶᠢᠴᠠᠭᠠᠭᠠᠳ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠪᠡᠯ ᠳᠠᠩᠰᠠᠯᠠᠭᠤᠯᠤᠭᠰᠠᠨ ᠪᠠᠩᠬᠢ ᠶᠢᠨ ᠲᠠᠩᠰᠠᠨ ᠡᠷᠦᠬᠡ ᠪᠠᠷ ᠳᠡᠮᠵᠢᠨ ᠠᠵᠢᠯ ᠠᠯᠲᠠᠯᠲᠠ ᠶᠢᠨ ᠨᠥᠬᠦᠪᠥᠷᠢ ᠪᠤᠶᠤ ᠠᠵᠢᠯ ᠠᠯᠲᠠᠯᠲᠠ ᠶᠢᠨ ᠳᠠᠭᠠᠳᠬᠠᠯ ᠢ ᠣᠯᠵᠤ ᠪᠣᠯᠤᠨ᠎ᠠ᠃          
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号