| ᠨᠢᠭᠡ᠂ ᠠᠷᠠᠳ ᠢᠷᠭᠡᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠤᠨ ᠪᠠᠶᠢᠭ᠎ᠠ | ᠡᠷᠬᠡ ᠶᠢᠨ ᠦᠨᠡᠮᠯᠡᠯ ᠪᠤᠶᠤ ᠬᠠᠤᠯᠢ ᠳᠤ ᠨᠡᠶᠢᠴᠡᠬᠦ ᠭᠡᠷᠡᠴᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ | ᠠᠮᠠ ᠶᠢᠨ ᠳᠡᠪᠲᠡᠷ᠂ ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ | ᠲᠦᠷᠢᠶᠡᠰᠦᠯᠡᠬᠦ ᠭᠡᠷ᠎ᠡ ᠶᠢᠨ ᠪᠢᠴᠢᠭ︾ ᠢᠶᠠᠨ ᠠᠪᠴᠤ︔ ᠨᠢᠭᠡᠴᠡ ᠶᠢᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ | ᠪᠣᠯ ᠭᠡᠷ ᠪᠠᠶᠢᠰᠢᠩ ᠤᠨ ᠪᠠᠶᠢᠭ᠎ᠠ ᠡᠷᠬᠡ ᠶᠢᠨ ᠦᠨᠡᠮᠯᠡᠯ᠂ ᠨᠢᠭᠡᠴᠡ ᠶᠢᠨ ᠲᠠᠨᠢᠯᠴᠠᠭᠤᠯᠬᠤ ᠪᠢᠴᠢᠭ᠂ | ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ᠲᠦᠷᠢᠶᠡᠰᠦᠯᠡᠬᠦ ᠭᠡᠷ᠎ᠡ ᠶᠢᠨ | ᠪᠢᠴᠢᠭ︾ ᠢᠶᠠᠨ ᠠᠪᠴᠤ᠂ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠳᠤ ᠬᠦᠷᠴᠦ ᠭᠤᠶᠤᠴᠢᠯᠠᠨ ᠪᠦᠷᠢᠳᠬᠡᠭᠦᠯᠵᠦ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ︽ | ᠭᠡᠷ ᠲᠦᠷᠢᠶᠡᠰᠦᠯᠡᠨ ᠰᠠᠭᠤᠭᠴᠢ ᠶᠢ ᠪᠦᠷᠢᠳᠬᠡᠬᠦ ᠬᠦᠰᠦᠨᠦᠭᠲᠦ︾ ᠲᠠᠭᠯᠠᠭᠤᠯᠵᠤ᠂ ᠬᠢᠨᠠᠨ ᠬᠠᠷᠭᠤᠭᠤᠯᠬᠤ ᠪᠠᠷ | ᠳᠠᠮᠵᠢᠭᠠᠳ ᠲᠦᠷᠢᠶᠡᠰᠦᠯᠡᠬᠦ ᠨᠥᠬᠦᠴᠡᠯ ᠳᠤ ᠨᠡᠶᠢᠴᠡᠵᠦ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠨᠢ ᠲᠦᠷᠢᠶᠡᠰᠦᠯᠡᠭᠦᠯᠦᠭᠴᠢ ᠳᠤ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠦᠪᠰᠢᠨ ᠤ ᠵᠥᠪᠰᠢᠶᠡᠷᠡᠯ ᠤᠨ | ᠦᠨᠡᠮᠯᠡᠯ︾ ᠣᠯᠭᠤᠨ᠎ᠠ᠃ | ᠬᠤᠶᠠᠷ᠂ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾ ᠢ ᠵᠢᠯ | ᠪᠦᠷᠢ ᠨᠢᠭᠡ ᠤᠳᠠᠭ᠎ᠠ ᠬᠢᠨᠠᠵᠤ᠂ ᠲᠦᠷᠢᠶᠡᠰᠦᠯᠡᠬᠦ ᠨᠥᠬᠦᠴᠡᠯ ᠳᠤ ᠨᠡᠶᠢᠴᠡᠵᠦ ᠪᠠᠶᠢᠪᠠᠯ᠂ ᠦᠷᠭᠦᠯᠵᠢᠯᠡᠨ | ᠲᠦᠷᠢᠶᠡᠰᠦᠯᠡᠭᠦᠯᠬᠦ ᠶᠢ ᠵᠥᠪᠰᠢᠶᠡᠷᠡᠨ᠎ᠡ᠂ ᠲᠦᠷᠢᠶᠡᠰᠦᠯᠡᠬᠦ ᠨᠥᠬᠦᠴᠡᠯ ᠳᠤ ᠨᠡᠶᠢᠴᠡᠬᠦ ᠦᠭᠡᠢ ᠪᠣᠯ ︽ | ᠵᠥᠪᠰᠢᠶᠡᠷᠡᠯ ᠤᠨ ᠦᠨᠡᠮᠯᠡᠯ︾ ᠢ ᠪᠤᠴᠠᠭᠠᠵᠤ ᠠᠪᠤᠨ᠎ᠠ᠃ ᠭᠤᠷᠪᠠᠨ ᠵᠢᠯ ᠤᠨ ᠣᠨ ᠤ ᠬᠢᠨᠠᠬᠤ ᠳᠠᠭᠤᠰᠤᠭᠰᠠᠨ ᠤ | ᠳᠠᠷᠠᠭ᠎ᠠ᠂ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾ ᠢ ᠳᠠᠬᠢᠨ | ᠰᠣᠯᠢᠵᠤ ᠣᠯᠭᠤᠨ᠎ᠠ᠃ | |