ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠦᠰᠭᠡᠨ᠎ᠡ
ᠨᠡᠶᠢᠲᠡᠯᠡᠭᠰᠡᠨ ᠴᠠᠭ᠄
2023/2/14
                ᠣᠶᠢᠷ᠎ᠠ ᠳᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2022 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠨᠡᠶᠢᠲᠡᠯᠠᠨ᠂ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠦᠬᠦᠵᠤ ᠬᠡᠷᠡᠭᠵᠢᠬᠦᠯᠬᠦ ᠪᠠᠷ ᠲᠣᠭᠲᠠᠪᠠ᠃     ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠣᠯᠲᠠ ᠬᠢᠬᠦ ᠪᠠᠷᠢᠮᠵᠢᠶ᠎ᠠ᠄     ︵ᠨᠢᠭᠡ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ ᠬᠦᠢᠴᠡᠳᠭᠡᠯ ᠢᠶᠠᠨ ᠬᠢᠭᠰᠡᠨ ᠮᠦᠷᠳᠡᠭᠡᠨ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠬᠤᠪᠢᠳᠠᠨ ᠠᠪᠴᠦ ᠪᠠᠶᠢᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ  ᠳᠤ 45 ᠲᠥᠭᠦᠷᠢᠭ ᠦᠰᠭᠡᠨ᠎ᠡ᠃     ︵ᠬᠤᠶᠠᠷ︶ ᠨᠠᠰᠤᠵᠢᠯ ᠤᠨ ᠮᠥᠩᠭᠦ ᠶᠢᠨ ᠪᠡᠷᠢᠮᠵᠢᠶ᠎ᠠ ᠪᠠᠷ ᠲᠣᠬᠢᠷᠠᠭᠤᠯᠤᠯᠲᠠ ᠬᠢᠬᠦ ᠳᠤ᠂ ᠠᠵᠢᠯ ᠠᠴᠠ ᠪᠠᠨ ᠠᠮᠠᠷᠠᠭᠰᠠᠳ ᠤᠨ 2021 ᠣᠨ ᠤ 12 ᠳ᠋ᠤᠭᠠᠷ ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠬᠦᠨ ᠤ 1.6% ᠪᠠᠷ ᠦᠰᠭᠡᠨ᠎ᠡ᠃     ︵ᠭᠤᠷᠪᠠ︶ ᠰᠦᠢᠳᠭᠡᠯ ᠲᠤᠰᠢᠶᠠᠭᠰᠠᠨ ᠬᠤᠭᠤᠴᠠᠭ᠎ᠠ ᠪᠠᠷ ᠲᠣᠬᠢᠷᠠᠭᠤᠯᠤᠯᠲᠠ ᠬᠢᠬᠦ ᠳᠤ᠂ ᠨᠠᠰᠣᠵᠢᠯ ᠤᠨ ᠳᠠᠭᠠᠳᠬᠠᠯ ᠤᠨ ᠮᠦᠩᠬᠦ ᠲᠣᠰᠢᠶᠠᠭᠰᠠᠨ ᠬᠤᠭᠤᠴᠠᠭ᠎ᠠ ᠨᠢ 15 ᠵᠢᠯ ᠬᠦᠷᠬᠦ ᠦᠬᠡᠢ ᠪᠠᠶᠢᠪᠠᠯ ᠵᠢᠯ ᠳᠤ 0.5 ᠲᠥᠭᠦᠷᠢᠭ ᠦᠰᠭᠡᠨ᠎ᠡ︔ 16~ 30 ᠵᠢᠯ ᠲᠣᠰᠢᠶᠠᠭᠰᠠᠨ ᠪᠠᠶᠢᠪᠠᠯ ᠵᠢᠯ ᠳᠤ 1 ᠲᠥᠭᠦᠷᠢᠭ ᠦᠰᠭᠡᠨ᠎ᠡ︔ 31 ᠵᠢᠯ ᠠᠴᠠ ᠳᠡᠭᠡᠭᠰᠢ ᠲᠣᠰᠢᠶᠠᠭᠰᠠᠨ ᠪᠠᠶᠢᠪᠠᠯ ᠵᠢᠯ ᠳᠤ 2 ᠲᠥᠭᠦᠷᠢᠭ ᠦᠰᠭᠡᠨ᠎ᠡ᠃     ︵ᠳᠥᠷᠪᠡ︶ ᠥᠨᠳᠥᠷ ᠨᠠᠰᠣᠲᠠᠢ ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠤᠯᠲᠠ ᠬᠢᠬᠦ ᠳᠤ᠂ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠦ ᠬᠦᠷᠦᠭᠰᠡᠨ ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ ᠳᠤ 30 ᠲᠥᠭᠦᠷᠢᠭ ᠦᠰᠭᠡᠨ᠎ᠡ︔ ᠪᠦᠬᠦᠯᠢ 70 ᠨᠠᠰᠤᠨ ᠠᠴᠠ ᠳᠡᠭᠡᠭᠰᠢᠬᠢ ᠬᠦᠮᠦᠰ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠠᠬᠢᠭᠠᠳ 1 ᠲᠥᠭᠦᠷᠢᠭ ᠦᠰᠭᠡᠨ᠎ᠡ᠃            
 
ᠢᠷᠡᠯᠲᠡ᠄ ᠦᠪᠦᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号