︽ᠤᠯᠠᠭᠠᠨᠴᠠᠪ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠪᠦᠲᠦᠭᠡᠯ ᠤᠨ ᠤᠲᠠᠰᠤ ᠪᠠᠷ ᠲᠠᠨ ᠢ ᠤᠷᠢᠵᠤ ᠬᠠᠮᠲᠤ ᠪᠠᠷ ᠴᠡᠩᠭᠡᠯᠳᠦᠨ᠎ᠡ
ᠨᠡᠶᠢᠲᠡᠯᠡᠭᠰᠡᠨ ᠴᠠᠭ᠄
2023/2/16
          ᠤᠯᠠᠭᠠᠨᠴᠠᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠭᠡᠵᠢᠩ ᠠᠴᠠ ᠬᠠᠮᠤᠭ ᠤᠨ ᠣᠶᠢᠷ᠎ᠠ ᠲᠠᠯ᠎ᠠ ᠨᠤᠲᠤᠭ ᠤᠨ ᠬᠤᠲᠠ ᠮᠥᠨ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠤ ᠭᠤᠷᠪᠠᠨ ᠶᠡᠭᠡ ᠠᠵᠤ ᠠᠬᠤᠢ ᠶᠢᠨ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠬᠦᠢᠰᠦ ᠮᠥᠨ᠂ ᠮᠠᠨ ᠤ ᠤᠯᠤᠰ ᠤᠨ ᠮᠣᠩᠭᠤᠯ᠂ ᠣᠷᠣᠰ ᠪᠠ ᠵᠡᠭᠦᠨ ᠡᠸᠦ᠋ᠷᠦᠫᠡ ᠶᠢᠨ ᠤᠯᠤᠰ ᠤᠳ ᠲᠤ ᠨᠡᠪᠲᠡᠷᠡᠬᠦ ᠴᠢᠬᠤᠯᠠ ᠵᠠᠮ ᠮᠥᠨ᠂ ᠪᠠᠰᠠ ᠴᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠲᠥᠯᠦᠪᠵᠢᠭᠦᠯᠭᠡ ᠪᠠ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠲᠠ ᠮᠥᠨ᠃ ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ ᠢ ᠬᠥᠭᠵᠢᠭᠦᠯᠬᠦ ᠠᠬᠤᠢ ᠪᠠᠶᠢᠳᠠᠯ ᠤᠨ ᠳᠣᠣᠷ᠎ᠠ᠂ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠰᠢᠯᠢᠳᠡᠭ ᠡᠬᠢ ᠪᠠᠶᠠᠯᠢᠭ ᠲᠤ ᠲᠦᠰᠢᠭᠯᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠳᠠᠷᠰᠢᠯ ᠢ ᠶᠡᠭᠡ ᠪᠠᠷ ᠬᠥᠭᠵᠢᠭᠦᠯᠦᠨ ᠪᠤᠵᠠᠭᠠᠶᠢᠷᠠᠭᠤᠯᠪᠠ᠃      ᠴᠠᠰᠤᠨ ᠳᠤ ᠭᠤᠯᠭᠤᠬᠤ ᠳᠤ ᠰᠠᠢᠬᠠᠨ ᠭᠠᠵᠠᠷ᠃ ᠤᠯᠠᠭᠠᠨᠴᠠᠪ ᠲᠤ ᠯᠢᠶᠡᠩᠴᠧᠩ ᠤᠨ ᠳ᠋ᠠᠶᠢᠬᠠᠢ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ᠂ ᠨᠡᠷᠡᠨ ᠬᠡᠷᠡᠯᠳᠦ ᠲᠠᠯ᠎ᠠ ᠨᠤᠲᠤᠭ ᠤᠨ ᠶᠡᠭᠡ ᠭᠤᠣᠯ ᠤᠨ ᠪᠤᠯᠤᠩ ᠤᠨ ᠴᠠᠰᠤᠨ ᠳᠤ ᠭᠤᠯᠭᠤᠬᠤ ᠲᠠᠯᠠᠪᠠᠶ ᠵᠡᠷᠭᠡ 2 ᠴᠠᠰᠤᠨ ᠳᠤ ᠭᠤᠯᠭᠤᠬᠤ ᠲᠠᠯᠠᠪᠠᠶ ᠲᠠᠢ ᠪᠣᠯᠬᠤᠷ ᠠᠳᠠᠯᠢ ᠪᠤᠰᠤ ᠴᠠᠰᠤᠨ ᠳᠤ ᠭᠤᠯᠭᠤᠬᠤ ᠳᠤᠷᠠᠲᠠᠢ ᠬᠥᠮᠥᠰ ᠤᠨ ᠬᠡᠷᠡᠭᠴᠡᠭᠡ ᠶᠢ ᠬᠠᠮᠲᠤ ᠳᠤᠨᠢ ᠬᠠᠩᠭᠠᠵᠤ ᠪᠣᠯᠣᠨ᠎ᠠ᠃ ᠯᠢᠶᠡᠩᠴᠧᠩ ᠬᠤᠲᠠ ᠶᠢᠨ ᠳᠠᠭᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠥᠨᠳᠥᠷ᠂ ᠳᠤᠮᠳᠠ᠂ ᠠᠩᠬ᠎ᠠ ᠵᠡᠷᠭᠡ ᠶᠢᠨ ᠴᠠᠰᠤᠨ ᠤ ᠵᠠᠮ ᠢ 12 ᠪᠠᠶᠢᠷᠢᠯᠠᠭᠤᠯᠵᠤ᠂ ᠪᠠᠭᠤᠯᠲᠠ ᠶᠢᠨ ᠵᠥᠷᠢᠶ᠎ᠡ ᠨᠢ ᠬᠠᠮᠤᠭ ᠤᠨ ᠶᠡᠭᠡ ᠪᠠᠶᠢᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠴᠠᠰᠤᠨ ᠳᠤ ᠭᠤᠯᠭᠤᠬᠤ ᠳᠤᠷᠠᠲᠠᠢ ᠬᠥᠮᠥᠰ ᠲᠤ ᠲᠤᠰᠬᠠᠢ ᠮᠡᠷᠭᠡᠵᠢᠯ ᠤᠨ ᠲᠠᠯᠠᠪᠤᠷ ᠬᠠᠩᠭᠠᠭᠰᠠᠨ ᠪᠠᠶᠢᠨ᠎ᠠ᠃ ᠠᠳᠡᠬᠢ ᠪᠣᠯ ᠤᠯᠤᠰ ᠤᠨ ᠠᠩᠭᠢ᠂ ᠥᠪᠥᠷ ᠮᠣᠩᠭᠤᠯ ᠤᠨ ᠠᠩᠭᠢ ᠵᠡᠷᠭᠡ 15 ᠮᠤᠵᠢ ᠬᠤᠲᠠ ᠶᠢᠨ ᠲᠤᠰᠬᠠᠢ ᠮᠡᠷᠭᠡᠵᠢᠯ ᠤᠨ ᠠᠩᠭᠢ ᠶᠢᠨ ᠣᠷᠳᠣ ᠬᠤᠭᠤᠴᠠᠭᠠᠨ ᠤ ᠪᠣᠯᠪᠠᠰᠤᠷᠠᠯ ᠤᠨ ᠰᠠᠭᠤᠷᠢᠨ ᠭᠠᠵᠠᠷ ᠪᠣᠯᠬᠤ ᠪᠥᠭᠡᠳ ᠪᠠᠰᠠ ᠴᠤ ᠲᠤᠰᠬᠠᠢ ᠮᠡᠷᠭᠡᠵᠢᠯ ᠤᠨ ᠲᠠᠮᠢᠷᠴᠢᠳ ᠤᠨ ᠥᠨᠳᠥᠷ ᠡᠷᠭᠦᠭᠳᠡᠴᠡ ᠲᠠᠢ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠬᠢᠬᠦ ᠬᠠᠮᠤᠭ ᠤᠨ ᠰᠠᠶᠢᠨ ᠲᠠᠯᠠᠪᠤᠷ ᠪᠣᠯᠣᠨ᠎ᠠ᠃ ᠨᠡᠷᠡᠨ ᠬᠡᠷᠡᠯᠳᠦ ᠲᠠᠯ᠎ᠠ ᠨᠤᠲᠤᠭ ᠤᠨ ᠶᠡᠭᠡ ᠭᠤᠣᠯ ᠤᠨ ᠪᠤᠯᠤᠩ ᠤᠨ ᠴᠠᠰᠤᠨ ᠳᠤ ᠭᠤᠯᠭᠤᠬᠤ ᠲᠠᠯᠠᠪᠠᠶ ᠪᠣᠯ ᠴᠠᠰᠤᠨ ᠳᠤ ᠭᠤᠯᠭᠤᠬᠤ ᠠᠮᠠᠷᠠᠯᠲᠠ᠂ ᠰᠡᠯᠡᠭᠦᠴᠡᠯ ᠤᠨ ᠬᠥᠳᠡᠯᠭᠡᠭᠡᠨ᠂ ᠠᠮᠢ ᠠᠬᠤᠢ ᠶᠢᠨ ᠵᠢᠭᠤᠯᠴᠢᠯᠠᠯ᠂ ᠭᠡᠷ ᠲᠡᠷᠭᠡ ᠬᠤᠨᠣᠭᠯᠠᠬᠤ ᠶᠢ ᠨᠢᠭᠡ ᠴᠣᠭᠴᠠ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠠᠮᠠᠷᠠᠯᠲᠠ ᠶᠢᠨ ᠦᠵᠡᠮᠵᠢᠲᠦ ᠣᠷᠣᠨ ᠪᠣᠯᠣᠨ᠎ᠠ᠂ ᠡᠭᠦᠨ ᠳᠤ ᠥᠨᠳᠥᠷ᠂ ᠳᠤᠮᠳᠠ᠂ ᠠᠩᠬ᠎ᠠ ᠵᠡᠷᠭᠡ ᠶᠢᠨ ᠴᠠᠰᠤᠨ ᠵᠠᠮ ᠪᠠᠶᠢᠬᠤ ᠠᠴᠠ ᠭᠠᠳᠠᠨ᠎ᠠ ᠪᠠᠰᠠ ᠴᠠᠰᠤᠨ ᠳᠡᠭᠡᠷᠡᠬᠢ ᠮᠣᠲ᠋ᠣᠷ᠂ ᠴᠢᠷᠭ᠎ᠠ᠂ ᠴᠠᠰᠤᠨ ᠨᠢᠰᠦᠭᠡ ᠲᠠᠪᠠᠭ ᠵᠡᠷᠭᠡ ᠠᠷᠪᠠ ᠭᠠᠷᠤᠢ ᠵᠦᠢᠯ ᠤᠨ ᠮᠥᠰᠥ ᠴᠠᠰᠤᠨ ᠤ ᠵᠤᠭ᠎ᠠ ᠴᠡᠩᠭᠡᠯ ᠤᠨ ᠵᠦᠢᠯᠡᠰ ᠤᠨ ᠴᠠᠰᠤᠨ ᠳᠤ ᠨᠠᠭᠠᠳᠬᠤ ᠣᠷᠣᠨ ᠪᠠᠶᠢᠳᠠᠭ᠃ ︽ᠭᠤᠷᠪᠠᠨ ᠬᠤᠶᠠᠷ ᠰᠠᠶᠢᠨ ᠨᠠᠶᠢᠵᠠ ᠪᠠᠨ ᠳᠠᠭᠠᠭᠤᠯᠵᠤ᠂ ᠳ᠋ᠠ ᠾᠧ ᠸᠠᠨ ᠤ ᠴᠠᠨᠠᠯᠠᠬᠤ ᠲᠠᠯᠠᠪᠠᠶ ᠳᠤ ᠢᠷᠡᠵᠦ ᠪᠠᠭ᠎ᠠ ᠶᠢᠨ ᠦᠶ᠎ᠡ ᠶᠢᠨ ᠪᠠᠶᠠᠷ ᠴᠡᠩᠭᠡᠯ ᠢ ᠡᠷᠢᠨ᠎ᠡ᠂ ᠡᠰᠡᠬᠦᠯ᠎ᠡ ᠭᠡᠷ ᠪᠦᠯᠢ ᠶᠢᠨ ᠬᠢᠨ ᠲᠠᠢ ᠪᠠᠨ ᠬᠠᠮᠲᠤ ᠴᠠᠰᠤᠨ ᠳᠡᠭᠡᠭᠦᠷ ᠨᠢᠰᠬᠦ ᠮᠡᠲᠦ ᠳᠠᠪᠬᠢᠵᠤ ᠪᠠᠶᠢᠭ᠎ᠠ ᠪᠠᠶᠠᠷ ᠴᠡᠩᠭᠡᠯ ᠢ ᠪᠡᠶ᠎ᠡ ᠪᠠᠷ ᠢᠶᠠᠨ ᠥᠩᠭᠡᠷᠡᠭᠦᠯᠪᠡᠯ ᠬᠤᠷᠳᠤᠨ ᠪᠢᠰᠢ ᠤᠤ︖︾ ᠭᠡᠪᠡ᠃      ᠬᠠᠯᠠᠭᠤᠨ ᠷᠠᠰᠢᠶᠠᠨ ᠵᠢᠷᠦᠬᠡ ᠶᠢ ᠬᠥᠳᠡᠯᠭᠡᠨ᠎ᠡ᠃ ᠯᠢᠶᠡᠩᠴᠧᠩ ᠰᠢᠶᠠᠨ ᠤ ᠳ᠋ᠠᠶᠢᠬᠠᠢ ᠶᠢᠨ ᠨᠠᠭᠤᠷ ᠤᠨ ᠬᠠᠯᠠᠭᠤᠨ ᠷᠠᠰᠢᠶᠠᠨ ᠤ ᠬᠠᠳᠠᠭᠠᠯᠠᠭᠳᠠᠴᠠ ᠡᠯᠪᠡᠭ ᠪᠠᠶᠠᠯᠢᠭ ᠪᠠᠶᠢᠵᠤ᠂ ᠰᠳ᠋ᠷᠤᠨᠲ᠂ ᠯᠢᠲ᠋ᠢ᠂ ᠴᠠᠬᠢᠭᠤᠷ᠂ ᠰᠧᠯᠧᠨ ᠵᠡᠷᠭᠡ 17 ᠵᠦᠢᠯ ᠤᠨ ᠬᠥᠮᠥᠨ ᠤ ᠪᠡᠶ᠎ᠡ ᠳᠤ ᠠᠰᠢᠭᠲᠠᠢ ᠪᠢᠴᠢᠯ ᠡᠯᠧᠮᠧᠨ᠋ᠲ ᠢ ᠠᠭᠤᠯᠵᠤ᠂ ᠤᠰᠤᠨ ᠤ ᠳᠤᠯᠠᠭᠠᠨ ᠨᠢ 39 ᠭᠷᠡᠳᠦ᠋ᠰ ᠪᠠᠶᠢᠵᠤ᠂ ᠳᠥᠷᠪᠡᠨ ᠤᠯᠠᠷᠢᠯ ᠳᠤ ᠡᠩ ᠤᠨ ᠳᠤᠯᠠᠭᠠᠨ ᠪᠠᠶᠢᠵᠤ᠂ ᠶᠡᠷᠦ ᠠᠴᠠ ᠪᠣᠭᠤᠮᠲᠠ ᠶᠢᠨ ᠭᠠᠳᠠᠨᠠᠬᠢ ᠡᠷᠳᠡᠨᠢ ᠶᠢᠨ ᠪᠤᠯᠠᠭ ᠭᠡᠰᠡᠨ ᠰᠠᠶᠢᠬᠠᠨ ᠠᠯᠳᠠᠷᠲᠠᠢ ᠶᠤᠮ᠃ ᠲᠠ ᠮᠥᠰᠥ ᠴᠠᠰᠤᠨ ᠤ ᠶᠢᠷᠲᠢᠨᠴᠦ ᠶᠢᠨ ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ ᠶᠢ ᠪᠡᠶ᠎ᠡ ᠪᠠᠷ ᠢᠶᠠᠨ ᠣᠶᠢᠯᠠᠭᠠᠭᠰᠠᠨ ᠤ ᠳᠠᠷᠠᠭ᠎ᠠ᠂ ᠳ᠋ᠠᠶᠢᠬᠠᠢ ᠶᠢᠨ ᠬᠠᠯᠠᠭᠤᠨ ᠷᠠᠰᠢᠶᠠᠨ ᠤ ᠬᠤᠲᠠ ᠳᠤ ᠠᠭᠤᠯᠠ ᠬᠠᠶᠢᠷᠬᠠᠨ ᠤ ᠳᠤᠮᠳᠠ ᠰᠦᠨᠳᠡᠷᠯᠡᠨ ᠰᠦᠨᠳᠡᠷᠯᠡᠵᠦ᠂ ᠳᠥᠷᠪᠡᠨ ᠲᠠᠯ᠎ᠠ ᠪᠠᠷ ᠢᠶᠠᠨ ᠬᠥᠬᠡᠷᠡᠨ ᠨᠣᠭᠤᠭᠠᠷᠠᠵᠤ᠂ ᠤᠰᠤᠨ ᠠᠭᠤᠷ ᠤᠨᠢᠶᠠᠷ ᠲᠠᠢ ᠪᠣᠯᠵᠤ᠂ ᠪᠠᠶᠢᠭᠠᠯᠢ ᠶᠢᠨ ᠬᠠᠯᠠᠭᠤᠨ ᠷᠠᠰᠢᠶᠠᠨ ᠤ ᠤᠰᠤ ᠲᠤᠩᠭᠠᠯᠠᠭᠰᠢᠵᠤ᠂ ᠭᠡᠷ ᠤᠨ ᠬᠥᠮᠥᠰ ᠨᠠᠶᠢᠵᠠ ᠨᠠᠷ ᠲᠠᠢ ᠪᠠᠨ ᠳᠤᠯᠠᠭᠠᠨ ᠪᠦᠯᠢᠶᠡᠨ ᠬᠠᠯᠠᠭᠤᠨ ᠷᠠᠰᠢᠶᠠᠨ ᠳᠤ ᠠᠭᠤᠵᠢᠷᠠᠲᠠᠯ᠎ᠠ ᠵᠤᠭᠠᠴᠠᠨ ᠲᠣᠭᠤᠷᠢᠬᠤ ᠪᠤᠶᠤ ᠨᠢᠳᠦ ᠪᠠᠨ ᠠᠨᠢᠵᠤ ᠰᠡᠳᠬᠢᠯ ᠢᠶᠠᠨ ᠰᠤᠪᠢᠯᠠᠨ᠂ ᠰᠡᠳᠬᠢᠯ ᠰᠠᠨᠠᠭ᠎ᠠ ᠪᠠᠨ ᠠᠭᠤᠵᠢᠷᠠᠲᠠᠯ᠎ᠠ ᠶᠠᠷᠢᠯᠴᠠᠪᠠᠯ ᠰᠠᠶᠢᠬᠠᠨ ᠪᠢᠰᠢ ᠤᠤ᠃       ︽ᠨᠢᠭᠤᠴᠠ ᠶᠢ ᠬᠠᠶᠢᠬᠤ︾ ᠭᠠᠯᠲᠤ ᠠᠭᠤᠯᠠ ᠶᠢᠨ ᠠᠶᠠᠯᠠᠯ᠃ ᠤᠯᠠᠭᠠᠨᠴᠠᠪ ︽ᠲᠠᠯ᠎ᠠ ᠨᠤᠲᠤᠭ ᠤᠨ ᠮᠦᠽᠧᠢ︾ ᠬᠡᠮᠡᠭᠳᠡᠵᠦ᠂ ᠬᠢᠯᠢ ᠶᠢᠨ ᠳᠣᠲᠣᠷ᠎ᠠ ︽ᠲᠠᠶᠢᠱᠠᠩ ᠠᠪᠤᠭᠠᠢ ᠶᠢᠨ ᠦᠷᠢᠯ ᠪᠦᠲᠦᠭᠡᠬᠦ ᠵᠤᠤᠬ᠎ᠠ︾ ᠬᠡᠮᠡᠭᠳᠡᠭᠰᠡᠨ ᠤᠯᠠᠭᠠᠨᠬᠠᠳᠠ ᠭᠠᠯᠲᠤ ᠠᠭᠤᠯᠠ᠂ ᠲᠠᠯ᠎ᠠ ᠨᠤᠲᠤᠭ ᠤᠨ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ ᠤᠨ ᠭᠦᠢᠲᠡᠨ ᠰᠢᠯᠢ ᠶᠢᠨ ᠲᠠᠯ᠎ᠠ ᠨᠤᠲᠤᠭ ᠪᠠ ᠬᠤᠪᠢᠯᠭᠠᠨ ᠣᠩᠭᠤᠴᠠ ᠰᠢᠷᠢᠰ ᠨᠢᠰᠬᠦ ᠣᠩᠭᠤᠴᠠ ᠶᠢᠨ ᠡᠬᠡ ᠬᠠᠭᠤᠷᠠᠢ ᠳᠤ ᠪᠠᠶᠢᠭ᠎ᠠ ᠭᠡᠭᠡᠨᠲᠠᠯ᠎ᠠ ᠨᠤᠲᠤᠭ ᠵᠡᠷᠭᠡ ᠪᠣᠶ᠃ ᠡᠪᠦᠯ ᠤᠨ ᠴᠠᠰᠤ ᠯᠠᠪᠰᠠᠯᠠᠬᠤ ᠦᠶ᠎ᠡ ᠳᠤ᠂ ᠭᠦᠢᠲᠡᠨ ᠰᠢᠯᠢ ᠶᠢᠨ ᠲᠠᠯ᠎ᠠ ᠨᠤᠲᠤᠭ ᠪᠣᠯᠣᠨ ᠭᠡᠭᠡᠨᠲᠠᠯ᠎ᠠ ᠶᠢᠨ ᠲᠠᠯ᠎ᠠ ᠨᠤᠲᠤᠭ ᠤᠨ ᠴᠠᠭᠠᠨ ᠥᠩᠭᠡ ᠪᠠᠷ ᠬᠤᠴᠢᠭᠳᠠᠵᠤ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠰᠬᠦᠯᠡᠩᠲᠦ ᠰᠠᠶᠢᠬᠠᠨ ᠵᠢᠷᠤᠭ ᠠᠭᠠᠵᠢᠮ ᠢᠶᠠᠷ ᠳᠡᠯᠭᠡᠭᠳᠡᠵᠡᠢ︔ ᠤᠯᠠᠭᠠᠨᠬᠠᠳᠠ ᠶᠢᠨ ᠭᠠᠯᠲᠤ ᠠᠭᠤᠯᠠ ᠶᠢᠨ ᠬᠡᠭᠡᠷ᠎ᠡ ᠲᠠᠯ᠎ᠠ ᠳᠤ᠂ ᠭᠠᠯᠲᠤ ᠠᠭᠤᠯᠠ ᠶᠢᠨ ᠦᠯᠡᠳᠡᠭᠳᠡᠯ ᠤᠳᠤᠨ ᠮᠡᠴᠢᠳ ᠲᠦᠭᠡᠵᠦ᠂ ᠡᠪᠦᠯ ᠤᠨ ᠡᠳᠦᠷ᠂ ᠭᠠᠯᠲᠤ ᠠᠭᠤᠯᠠᠨ ᠳᠤ ᠭᠠᠷᠴᠤ ᠨᠠᠷᠠ ᠰᠢᠩᠭᠡᠬᠦ ᠶᠢ ᠠᠵᠢᠭᠯᠠᠬᠤ ᠳᠤ᠂ ᠮᠥᠰᠥ ᠴᠠᠰᠤᠨ ᠳᠤ ᠬᠤᠴᠢᠭᠳᠠᠭᠰᠠᠨ ᠭᠠᠯᠲᠤ ᠠᠭᠤᠯᠠ᠂ ᠡᠯᠡᠰᠦᠨ ᠴᠦᠯ᠂ ᠨᠠᠭᠤᠷ ᠴᠥᠭᠦᠷᠥᠮ ᠂ ᠤᠷᠭᠤᠮᠠᠯ ᠨᠢ ᠦᠵᠡᠰᠬᠦᠯᠡᠩᠲᠦ ᠰᠠᠶᠢᠬᠠᠨ ᠬᠡᠭᠡᠷ᠎ᠡ ᠲᠠᠯ᠎ᠠ ᠶᠢᠨ ᠨᠠᠮ ᠰᠡᠯᠡᠭᠦᠨ ᠦᠵᠡᠮᠵᠢ ᠶᠢ ᠪᠦᠷᠢᠯᠳᠦᠭᠦᠯᠵᠦ᠂ ︽ᠰᠠᠨᠰᠠᠷ ᠤᠨ ᠠᠶᠠᠯᠠᠯ ᠤᠨ ᠬᠤᠪᠴᠠᠰᠤ︾ ᠡᠮᠦᠰᠴᠦ ᠭᠠᠯᠲᠤ ᠠᠭᠤᠯᠠ ᠶᠢᠨ ᠳᠡᠭᠡᠭᠦᠷ ᠠᠯᠬᠤᠯᠠᠵᠤ᠂ ᠪᠢᠴᠢᠬᠠᠨ ᠨᠠᠶᠢᠵᠠ ᠲᠠᠢ ᠪᠠᠨ ᠬᠠᠮᠲᠤ ᠭᠠᠯᠲᠤ ᠠᠭᠤᠯᠠ ᠶᠢᠨ ᠦᠯᠡᠳᠡᠭᠳᠡᠯ ᠢ ᠬᠠᠶᠢᠬᠤ ᠳᠤ ᠪᠠᠶᠠᠷ ᠬᠦᠷ ᠲᠠᠢ ᠪᠢᠰᠢ ᠤᠤ᠃      ᠰᠠᠢᠬᠠᠨ ᠴᠠᠭ ᠢ ᠪᠠᠶᠠᠷ ᠲᠠᠢ ᠪᠠᠷ ᠡᠳ᠋ᠯᠡᠨ᠎ᠡ᠃ ᠤᠯᠠᠭᠠᠨᠴᠠᠪ ᠠᠷᠠᠳ ᠤᠨ ᠣᠷᠣᠨ ᠰᠠᠭᠤᠴᠠ ᠪᠠᠷ ᠢᠶᠠᠨ ᠡᠪᠦᠯ ᠤᠨ ᠤᠯᠠᠷᠢᠯ ᠤᠨ ᠵᠤᠭᠠᠴᠠᠯ ᠢᠶᠠᠨ ᠳᠤᠯᠠᠭᠠᠴᠠᠭᠤᠯᠤᠨ᠎ᠠ᠂ ᠠᠳᠡ ᠬᠦᠰᠡᠯ ᠡᠷᠡᠮᠡᠯᠵᠡᠯ ᠤᠨ ᠲᠦᠷᠦᠯ ᠵᠦᠢᠯ ᠪᠤᠢ᠂ ᠬᠥᠮᠥᠨ ᠤ ᠠᠮᠢᠳᠤᠷᠠᠯ ᠤᠨ ᠰᠠᠶᠢᠨ ᠰᠠᠶᠢᠬᠠᠨ ᠠᠭᠤᠯᠠ ᠶᠢ ᠪᠠᠷᠠᠯᠠᠬᠤ ᠣᠷᠣᠨ ᠰᠠᠭᠤᠴᠠ ᠪᠤᠢ᠂ ᠲᠠᠯ᠎ᠠ ᠨᠤᠲᠤᠭ ᠤᠨ ᠭᠠᠯᠲᠤ ᠠᠭᠤᠯᠠ᠂ ᠨᠡᠯᠦᠭᠡᠷ ᠶᠡᠭᠡ ᠤᠳᠤᠨ ᠣᠭᠲᠠᠷᠭᠤᠢ ᠶᠢᠨ ᠢ ᠮᠥᠩ ᠢ ᠶᠢᠨ ᠮᠠᠯᠴᠢᠨ ᠤ ᠣᠷᠣᠨ ᠰᠠᠭᠤᠴᠠ ᠪᠤᠢ᠂ ᠠᠭᠤᠯᠠ ᠶᠢ ᠲᠦᠰᠢᠨ ᠰᠠᠭᠤᠵᠤ᠂ ᠲᠠᠯᠠᠢ ᠶᠢ ᠬᠠᠪᠢᠳᠠᠨ ᠤᠷᠭᠤᠭᠰᠠᠨ ᠬᠦᠢᠯᠡᠰᠦᠨ ᠴᠡᠴᠡᠭ ᠤᠨ ᠵᠢᠵᠢᠭ ᠪᠠᠷᠢᠯᠭ᠎ᠠ ᠲᠠᠢ᠂ ᠤᠯᠠᠨ ᠶᠠᠩᠵᠤ ᠶᠢᠨ ᠠᠷᠠᠳ ᠤᠨ ᠠᠮᠢᠳᠤᠷᠠᠯ ᠤᠨ ᠡᠵᠡᠨ ᠤ ᠰᠡᠳᠦᠪ ᠲᠣᠳᠣᠷᠬᠠᠢ᠂ ᠰᠠᠨᠠᠭ᠎ᠠ ᠠᠬᠤᠢ ᠥᠪᠡᠷᠮᠢᠴᠡ ᠣᠨᠴᠠᠯᠢᠭ ᠲᠠᠢ᠃ ᠰᠠᠶᠢᠬᠠᠨ ᠦᠵᠡᠮᠵᠢ ᠲᠠᠢ ᠬᠠᠷᠭᠤᠵᠤ᠂ ᠠᠮᠲᠠᠲᠤ ᠢᠳᠡᠭᠡᠨ᠂ ᠲᠥᠮᠥᠰᠥ ᠲᠠᠢ ᠭᠤᠯᠢᠷ ᠤᠨ ᠲᠣᠰᠣᠨ ᠳᠤ ᠪᠤᠴᠠᠯᠭᠠᠭᠰᠠᠨ ᠪᠣᠣᠪᠤ᠂ ᠬᠠᠭᠤᠷᠤᠭᠰᠠᠨ ᠪᠤᠳᠠᠭ᠎ᠠ ᠰᠦ ᠲᠠᠢ ᠴᠠᠢ ᠶᠢᠨ ᠮᠢᠬ᠎ᠠ ᠲᠠᠢ ᠬᠠᠷᠭᠤᠵᠤ᠂ ᠲᠠᠷᠢᠶᠠᠴᠢᠨ ᠠᠶᠢᠯ ᠤᠨ ᠬᠤᠭᠤᠯᠠ ᠶᠢ ᠢᠳᠡᠵᠦ᠂ ᠬᠠᠯᠠᠭᠤᠨ ᠬᠠᠨᠵᠤᠨ ᠳᠡᠭᠡᠷ᠎ᠡ ᠰᠠᠭᠤᠵᠤ᠂ ᠵᠤᠭᠠᠴᠠᠭᠰᠠᠨ ᠤ ᠳᠠᠷᠠᠭᠠᠬᠢ ᠶᠠᠳᠠᠷᠠᠯ ᠤᠨ ᠲᠥᠷᠥᠭᠳᠡᠯ ᠢ ᠬᠠᠯᠠᠭᠤᠨ ᠳᠤᠯᠠᠭᠠᠨ ᠠᠷᠠᠳ ᠤᠨ ᠣᠷᠣᠨ ᠰᠠᠭᠤᠴᠠ ᠪᠠᠷ ᠠᠷᠢᠯᠭᠠᠪᠠᠯ ᠰᠠᠶᠢᠨ ᠪᠢᠰᠢ ᠤᠤ᠃      ᠵᠢᠯ ᠤᠨ ᠡᠴᠦᠰ ᠪᠣᠯᠬᠤ ᠳᠤ᠂ ᠴᠠᠷᠬᠤ ᠨᠠᠭᠤᠷ ᠮᠥᠰᠥᠨ ᠳᠤ ᠬᠤᠴᠢᠭᠳᠠᠵᠤ᠂ ᠬᠥᠮᠥᠰ ᠮᠥᠰᠥᠨ ᠳᠡᠭᠡᠷ᠎ᠡ ᠳᠡᠪᠬᠡᠷᠦᠨ᠂ ᠡᠪᠦᠯ ᠤᠨ ᠠᠩᠨᠠᠯ ᠤᠨ ᠨᠢᠭᠡᠳᠦᠭᠡᠷ ᠲᠣᠣᠷ ᠤᠨ ᠲᠡᠷᠢᠭᠦᠨ ᠥᠩᠭᠡ ᠶᠢ ᠬᠠᠷᠢᠯᠴᠠᠨ ᠮᠡᠳᠡᠭᠳᠡᠵᠦ᠂ ᠬᠠᠩᠭᠢᠨᠠᠮ᠎ᠠ ᠰᠠᠶᠢᠬᠠᠨ ᠵᠡᠭᠦᠨ ᠵᠠᠮ ᠤᠨ ᠬᠤᠶᠠᠷ ᠬᠥᠮᠥᠨ ᠤ ᠲᠠᠶᠢᠰᠠᠨ ᠳᠤ ᠴᠠᠭᠠᠨ ᠰᠠᠷ᠎ᠠ ᠶᠢᠨ ᠴᠤᠭᠯᠠᠭᠠᠨ ᠢ ᠬᠥᠭᠵᠢᠶᠡᠨ ᠲᠠᠢ ᠪᠣᠯᠭᠠᠵᠤ᠂ ᠮᠣᠷᠢᠨ ᠬᠤᠭᠤᠷ ᠤᠨ ᠣᠷᠳᠣ ᠶᠢᠨ ᠠᠶᠠᠰ ᠡᠷᠲᠡᠨ ᠠᠴᠠ ᠡᠳᠦᠭᠡ ᠪᠣᠯᠲᠠᠯ᠎ᠠ ᠬᠠᠩᠭᠢᠨᠠᠲᠠᠯ᠎ᠠ ᠴᠤᠤᠷᠢᠶᠠᠲᠤᠵᠤ᠂ ᠬᠠᠲᠤᠨ ᠭᠤᠣᠯ ᠤᠨ ᠶᠢᠰᠦᠨ ᠠᠶᠠᠯᠭᠤᠲᠤ ᠵᠢᠭᠰᠠᠭᠠᠯ ᠳᠤ ᠬᠠᠪᠤᠷ ᠤᠨ ᠬᠦᠰᠡᠯ ᠢᠶᠠᠷ ᠪᠢᠯᠬᠠᠨ᠎ᠠ᠂ ᠬᠠᠷᠠᠩᠭ᠎ᠠ ᠬᠡᠩᠭᠡᠷᠭᠡ ᠶᠢ ᠳᠡᠯᠡᠳᠬᠦ ᠲᠠᠢ ᠵᠡᠷᠭᠡ ᠪᠠᠳᠠᠷᠠᠯᠲᠤ ᠦᠶ᠎ᠡ ᠶᠢᠨ ᠪᠠᠶᠠᠷ ᠤᠨ ᠳᠠᠭᠤᠤ ᠠᠳᠡ ᠬᠠᠩᠭᠢᠨᠠᠨ ᠳᠠᠭᠤᠷᠢᠰᠤᠨ᠎ᠠ᠃       ᠡᠪᠦᠯ ᠤᠨ ᠤᠯᠠᠷᠢᠯ ᠳᠤ᠂ ᠤᠯᠠᠭᠠᠨᠴᠠᠪ ᠲᠠᠨ ᠳᠤ ︽ᠮᠥᠰᠥ ᠴᠠᠰᠤᠨ ᠤ ᠪᠡᠶ᠎ᠡ ᠰᠤᠪᠢᠯᠠᠯᠲᠠ ᠶᠢᠨ ᠵᠤᠭᠠᠴᠠᠯ ︾᠂ ︽ᠮᠥᠰᠥ ᠴᠠᠰᠤᠨ ᠤ ᠰᠣᠶᠣᠯ ᠤᠨ ᠣᠶᠢᠷ᠎ᠠ ᠬᠡᠦᠬᠡᠳ ᠤᠨ ᠵᠤᠭᠠᠴᠠᠯ︾᠂ ︽ᠮᠥᠰᠥ ᠴᠠᠰᠤᠨ ᠤ ᠥᠪᠡᠷᠲᠡᠭᠡᠨ ᠲᠡᠷᠭᠡ ᠵᠢᠯᠤᠭᠤᠳᠬᠤ ᠵᠤᠭᠠᠴᠠᠯ︾ ᠭᠡᠬᠦ ᠭᠤᠷᠪᠠᠨ ᠵᠤᠷᠪᠤᠰ ᠮᠥᠰᠥ ᠴᠠᠰᠤᠨ ᠤ ᠭᠤᠣᠯ ᠰᠡᠳᠦᠪᠲᠦ ᠱᠤᠭᠤᠮ ᠢ ᠲᠣᠬᠢᠷᠠᠭᠤᠯᠵᠤ᠂ ᠴᠠᠰᠤᠨ ᠳᠤ ᠭᠤᠯᠭᠤᠬᠤ᠂ ᠬᠠᠯᠠᠭᠤᠨ ᠷᠠᠰᠢᠶᠠᠨ᠂ ᠮᠥᠰᠥᠨ ᠳᠤ ᠭᠥᠬᠢᠳᠡᠬᠦ᠂ ᠤᠰᠤ ᠪᠠᠷ ᠨᠠᠭᠠᠳᠬᠤ ᠵᠡᠷᠭᠡ ᠠᠷᠪᠠ ᠭᠠᠷᠤᠢ ᠵᠦᠢᠯ ᠤᠨ ︽ᠢᠳᠡᠵᠦ ᠤᠤᠭᠤᠬᠤ ᠨᠠᠭᠠᠳᠴᠤ ᠴᠡᠩᠭᠡᠬᠦ︾ ᠲᠦᠷᠦᠯ ᠵᠦᠢᠯ ᠢᠶᠠᠷ ᠲᠠᠨ ᠢ ᠤᠷᠢᠵᠤ ᠬᠠᠮᠲᠤ ᠪᠠᠷ ᠴᠡᠩᠭᠡᠯᠳᠦᠶ᠎ᠡ︕          
 
ᠢᠷᠡᠯᠲᠡ᠄ ᠤᠯᠠᠭᠠᠨᠴᠠᠪ ᠬᠤᠳᠡ ᠶᠢᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号