| 2 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ | ᠵᠦᠢᠯ ᠤᠨ ᠭᠠᠷ ᠤᠨ ᠥᠰᠥᠭ ᠵᠢᠷᠤᠬᠤ ᠶᠣᠰᠣᠯᠠᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ᠂ ᠬᠤᠰᠢᠭᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠪᠢᠨ᠂ ᠬᠤᠰᠢᠭᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ | ᠪᠢᠨ᠂ ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠰᠦᠨ ᠬᠤᠤ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠥᠪᠥᠷ ᠮᠣᠩᠭᠤᠯ ᠤᠨ ᠯᠦᠩ ᠶᠤᠸᠠᠨ ᠰᠢᠨ᠎ᠡ ᠡᠨᠧᠷᠭᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 500MW/1000MWh ᠡᠨᠧᠷᠭᠢ ᠬᠠᠳᠠᠭᠠᠯᠠᠬᠤ | ᠲᠥᠷᠥᠯ ᠵᠦᠢᠯ ᠢ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ | ᠴᠠᠬᠢᠯᠭᠠᠨ ᠲᠣᠤᠷ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠪᠠ ᠣᠷᠭᠢᠯ ᠤᠨᠦᠶ᠎ᠡ ᠶᠢ ᠲᠣᠬᠢᠷᠠᠭᠤᠯᠬᠤ ᠳᠤ | ᠬᠡᠷᠡᠭᠯᠡᠬᠦ ᠪᠠᠷ ᠪᠠᠶᠢᠨ᠎ᠠ᠂ ᠡᠭᠦᠨ ᠳᠤ ᠨᠡᠶᠢᠲᠡ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ ᠪᠣᠶ᠃ ᠳ᠋ᠧ ᠱᠧᠩ ᠦᠭᠡᠷᠡᠴᠢᠯᠡᠬᠦ ᠦᠷᠲᠡᠭᠡ᠂ ᠶᠠᠨ ᠬᠠᠶ ᠦᠭᠡᠷᠡᠴᠢᠯᠡᠬᠦ ᠦᠷᠲᠡᠭᠡ ᠬᠤᠶᠠᠷ ᠬᠦᠴᠦᠳᠡᠯ | ᠥᠭᠡᠷᠡᠴᠢᠯᠡᠬᠦ ᠥᠷᠲᠡᠭᠡᠨ ᠳᠤ ᠡᠨᠧᠷᠭᠢ ᠬᠠᠳᠠᠭᠠᠯᠠᠬᠤ ᠳᠦᠷᠣᠯ ᠵᠦᠢᠯ ᠢ ᠳᠣᠰ ᠳᠣᠰ ᠪᠠᠶᠢᠭᠤᠯᠵᠤ᠂ ᠪᠦᠳᠦᠭᠡᠨ | ᠪᠠᠶᠢᠭᠤᠯᠬᠤ ᠭᠠᠵᠠᠷ ᠨᠢ ᠴᠥᠮ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠤ ᠪᠠᠶᠢᠨ᠎ᠠ᠃ ᠲᠥᠷᠥᠯ | ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ | 200MW/400MWh ᠪᠥᠲᠥᠭᠡᠨ ᠪᠠᠶᠢᠭᠤᠯᠵᠤ᠂ ᠪᠠᠷᠤᠭ 8 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ᠂ 2024 ᠣᠨ ᠤ 8 ᠰᠠᠷ᠎ᠠ ᠠᠴᠠ ᠡᠮᠦᠨ᠎ᠡ ᠪᠠᠶᠢᠭᠤᠯᠵᠤ ᠳᠠᠭᠤᠰᠬᠠᠨ᠎ᠠ︔ | ᠬᠤᠶᠠᠳᠤᠭᠠᠷ ᠬᠤᠭᠤᠴᠠᠭᠠᠨ ᠳᠤ 300MW/600MWh ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ | ᠪᠠᠷᠤᠭ 12 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠠᠶᠢᠨ᠎ᠠ᠃ | ᠲᠣᠰ ᠭᠡᠷ᠎ᠡ ᠶᠢ ᠲᠣᠨᠨᠳᠠᠭᠠᠨᠨᠰᠠᠨ ᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ | ᠬᠡᠷᠡᠭᠯᠡᠬᠦ ᠳᠤ ︽ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ︾ ᠬᠠᠷᠠᠯᠲᠠ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠂ ᠲᠣᠰ ᠤᠳᠠᠭᠠᠨ ᠤ ᠲᠥᠷᠥᠯ ᠵᠦᠢᠯ ᠳᠤ ᠠᠮᠵᠢᠯᠲᠠ ᠲᠠᠢ ᠭᠡᠷ᠎ᠡ | ᠲᠣᠭᠲᠠᠭᠰᠠᠨ ᠶᠠᠪᠤᠳᠠᠯ ᠪᠣᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠯᠵᠢᠶᠠᠴᠢᠨ ᠢᠶᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠭᠦᠨᠵᠡᠭᠡᠶ | ᠥᠷᠨᠢᠭᠦᠯᠦᠭᠰᠡᠨ ᠤ ᠪᠠᠰᠠ ᠨᠢᠭᠡᠨ ᠴᠢᠬᠤᠯᠠ ᠦᠷ᠎ᠡ ᠪᠦᠲᠦᠭᠡᠯ ᠪᠣᠯᠬᠤ ᠪᠥᠭᠡᠳ ᠰᠢᠨ᠎ᠡ ᠡᠨᠧᠷᠭᠢ ᠶᠢᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠠᠬᠢᠯᠭᠠᠨ | ᠬᠠᠩᠭᠠᠬᠤ ᠺᠣᠮᠫᠠᠨᠢ᠂ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ᠂ ᠪᠠᠯᠠ ᠣᠷᠣᠭᠤᠯᠤᠯᠲᠠ ᠶᠢ ᠠᠬᠢᠭᠤᠯᠬᠤ | ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠵᠠᠶ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | | | | |