ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠤᠶᠢᠷ᠎ᠠ ᠶᠢᠨ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠳ ᠢ ᠤᠷᠢᠵᠤ᠂ ᠮᠠᠨ ᠤ ᠬᠤᠰᠢᠭᠤᠨ ᠳᠤ ᠬᠠᠪᠤᠷ ᠤᠨ | ᠲᠠᠷᠢᠶᠠᠯᠠᠭ᠎ᠠ ᠳᠤ ᠭᠦᠴᠦᠨ ᠨᠡᠮᠡᠷᠢᠯᠡᠨ᠎ᠡ᠃ | | | | | ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ ᠳᠤ ᠮᠡᠷᠭᠡᠵᠢᠯ ᠢ ᠤᠷᠢᠳᠠᠪᠠᠷ ᠬᠡᠷᠡᠭᠯᠡᠨ᠎ᠡ᠃ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡᠨ ᠤ ᠲᠤᠰᠬᠠᠶ ᠮᠡᠷᠭᠡᠵᠢᠯᠲᠡᠨ ᠢ ᠤᠷᠢᠵᠤ᠂ | ᠬᠤᠯᠤᠤᠪᠠᠩ ᠤᠨ ᠪᠦᠬᠦ ᠶᠠᠪᠤᠴᠠ ᠶᠢᠨ ᠮᠧᠬᠠᠨᠢᠭᠴᠢᠯᠠᠭᠰᠠᠨ ᠶᠡᠷᠦᠩᠬᠡᠶᠢᠯᠡᠨ ᠲᠠᠷᠢᠵᠦ ᠤᠷᠭᠤᠭᠤᠯᠬᠤ ᠮᠡᠷᠭᠡᠵᠢᠯ ᠢ | ᠲᠠᠶᠢᠯᠪᠤᠷᠢᠯᠠᠵᠦ᠂ ᠬᠤᠯᠤᠤᠪᠠᠩ ᠤᠨ ᠲᠠᠷᠢᠮᠠᠯ ᠤᠨ ᠣᠨᠴᠠᠯᠢᠭ ᠲᠤ ᠴᠢᠭᠯᠡᠭᠦᠯᠦᠨ᠂ ᠤᠨᠤᠯ ᠤᠨ ᠭᠢᠴᠢᠶᠡᠯ ᠪᠠ | ᠦᠢᠯᠡᠳᠦᠯᠭᠡ ᠶᠢᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠲᠤᠬᠠᠢ ᠶᠢᠨ ᠲᠠᠯᠠᠪᠠᠢ ᠳᠤ | ᠬᠤᠯᠤᠤᠪᠠᠩ ᠤᠨ ᠰᠢᠮ᠎ᠡ ᠲᠡᠵᠢᠭᠡᠯ᠂ ᠡᠪᠡᠳᠴᠢᠨ ᠤ ᠬᠥᠨᠥᠭᠡᠯ᠂ ᠬᠤᠷᠣᠬᠠᠢ ᠶᠢᠨ ᠬᠥᠨᠥᠭᠡᠯ᠂ ᠡᠪᠡᠰᠦᠨ ᠤ ᠬᠥᠨᠥᠭᠡᠯ | ᠵᠡᠷᠭᠡ ᠴᠢᠬᠤᠯᠠ ᠵᠦᠢᠯ ᠢ ᠲᠠᠶᠢᠯᠪᠤᠷᠢᠯᠠᠵᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠷᠰᠢᠯᠭ᠎ᠠ ᠶᠢᠨ ᠠᠷᠭ᠎ᠠ | ᠭᠡᠷᠡᠭᠯᠡᠨ᠂ ᠪᠠᠶᠠᠨ ᠰᠢᠶᠠᠩ ᠤᠨ 80 ᠭᠠᠷᠤᠢ ᠲᠣᠰᠬᠤᠨ ᠤ ᠠᠷᠠᠳ ᠲᠤ ᠲᠤᠷᠰᠢᠯᠭ᠎ᠠ ᠤᠯᠠᠮᠵᠢᠯᠠᠭᠰᠠᠨ ᠪᠠᠶᠢᠨ᠎ᠠ ᠃ | ᠪᠠᠶᠠᠨ ᠰᠢᠶᠠᠩ ᠤᠨ ᠪᠠᠷᠠᠭᠤᠨ ᠪᠤᠯᠠᠭ ᠲᠣᠰᠬᠤᠨ ᠤ ᠠᠷᠠᠳ ᠸᠠᠩ ᠵᠢᠶᠠᠨ ᠫᠢᠩ᠄ ︽ᠡᠨᠡ | ᠤᠳᠠᠭ᠎ᠠ ᠶᠢᠨ ᠪᠣᠯᠪᠠᠰᠤᠷᠠᠯ ᠢ ᠮᠠᠰᠢ ᠰᠠᠶᠢᠨ ᠡᠷᠭᠢᠯᠡᠵᠡᠢ᠂ ᠪᠠᠭᠰᠢ ᠪᠠᠰᠠ ᠲᠤᠩ ᠰᠠᠶᠢᠬᠠᠨ ᠤᠶᠢᠯᠭᠠᠮᠵᠢᠳᠠᠢ ᠶᠠᠷᠢᠵᠠᠢ | ᠂ ᠠᠭᠤᠯᠭ᠎ᠠ ᠨᠢ ᠮᠦᠨᠴᠦ ᠪᠢᠳᠡᠨ ᠤ ᠰᠤᠷᠬᠤ ᠭᠡᠰᠡᠨ ᠵᠦᠢᠯ ᠪᠣᠯᠤᠨ᠎ᠠ᠂ ᠡᠨᠡ ᠵᠢᠯ ᠤᠨ ᠲᠠᠷᠢᠬᠤ ᠶᠠᠪᠤᠴᠠ ᠳᠤ | ᠪᠢᠳᠡ ᠥᠪᠡᠷ ᠤᠨ ᠲᠠᠷᠢᠬᠤ ᠪᠣᠳᠠᠲᠠᠢ ᠠᠷᠭ᠎ᠠ ᠬᠡᠮᠵᠢᠶ᠎ᠡ ᠲᠠᠢ ᠪᠠᠨ ᠤᠶᠠᠯᠳᠤᠭᠤᠯᠵᠤ ᠪᠠᠶᠢᠭᠠᠳ ᠨᠡᠩ ᠰᠠᠶᠢᠨ ᠠᠰᠢᠭ | ᠤᠯᠬᠤ ᠪᠠᠷ ᠴᠢᠷᠮᠠᠶᠢᠨ᠎ᠠ︾ ᠭᠡᠵᠦ ᠢᠳᠡᠭᠡᠯ ᠲᠦᠭᠦᠷᠡᠩ ᠶᠠᠷᠢᠵᠦ ᠪᠠᠶᠢᠯ᠎ᠠ ᠃ | | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠥᠷ | ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ | ᠪᠦᠯᠬᠦᠮ ᠤᠨ ᠬᠢᠨ ᠴᠠᠭ ᠲᠤᠬᠠᠢ ᠳᠤᠨᠢ ᠲᠠᠷᠢᠶᠠᠯᠠᠩ ᠤᠨ ᠬᠠᠮᠤᠭ ᠤᠨ ᠲᠡᠷᠢᠭᠦᠨ ᠤ ᠮᠡᠷᠭᠡᠵᠢᠯ ᠢ ᠠᠷᠠᠳ ᠤᠯᠠᠨ ᠤ | ᠳᠡᠷᠭᠡᠳᠡ ᠬᠦᠷᠭᠡᠵᠦ᠂ ᠠᠷᠠᠳ ᠤᠯᠠᠨ ᠢ ᠲᠠᠷᠢᠶᠠᠯᠠᠩ ᠤᠨ ᠦᠢᠯᠡᠳᠪᠦᠷᠢᠯᠡᠯ ᠳᠤᠮᠳᠠ ᠲᠤᠭᠤᠷᠢᠭᠤ ᠵᠠᠮ ᠢᠶᠠᠷ | ᠳᠤᠲᠠᠭᠤ ᠵᠠᠮᠨᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠲᠠᠷᠢᠶᠠᠯᠠᠩ ᠤᠨ | ᠦᠢᠯᠡᠳᠪᠦᠷᠢᠯᠡᠯ ᠢ ᠲᠦᠷᠭᠡᠨ ᠪᠥᠭᠡᠳ ᠡᠷᠡᠭᠦᠯ ᠢᠶᠠᠷ ᠠᠬᠢᠭᠤᠯᠤᠭᠰᠠᠨ ᠪᠠᠶᠢᠨ᠎ᠠ ᠃ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠢᠳᠡᠰᠢᠨ ᠨᠣᠭᠤᠭ᠎ᠠ ᠶᠢᠨ ᠲᠤᠰᠬᠠᠢ ᠮᠡᠷᠭᠡᠵᠢᠯᠳᠡᠨ ᠵᠠᠩ ᠵᠢᠶᠦ᠋ᠨ ᠰᠤᠷᠪᠤᠯᠵᠢᠯᠠᠭ᠎ᠠ ᠭᠦᠯᠢᠶᠡᠬᠦ ᠳᠡᠭᠡᠨ ︽ᠡᠨᠡ ᠵᠢᠯ᠂ | ᠮᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ ᠪᠦᠯᠬᠦᠮ | ᠲᠠᠷᠢᠶᠠᠯᠠᠩ ᠤᠨ ᠬᠥᠭᠵᠢᠯᠲᠡ ᠳᠠᠬᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠᠷ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠮᠠᠯ ᠤᠨ | ᠡᠷᠦᠬᠡ ᠶᠢᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ | ᠲᠠᠷᠢᠶᠠᠴᠢᠨ ᠡᠷᠦᠬᠡ ᠶᠢ ᠵᠢᠯᠣᠭᠤᠳᠤᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠨᠠᠷ ᠰᠠᠶᠢᠲᠠᠶ ᠬᠦᠢᠲᠡᠨ | ᠰᠡᠷᠢᠭᠦᠨ ᠢᠳᠡᠰᠢᠨ ᠨᠣᠭᠤᠭ᠎ᠠ ᠳᠠᠷᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠨ᠎ᠠ︾ | ᠭᠡᠯ᠎ᠠ ᠃ | ᠪᠤᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠤᠯᠠᠨ ᠲᠠᠷᠢᠶᠠᠴᠢᠨ | ᠲᠦᠮᠡᠨ ᠤ ᠰᠢᠨᠵᠢᠯᠡᠬᠦ ᠤᠬᠠᠭᠠᠨ ᠤ ᠮᠡᠳᠡᠯᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠢᠬᠤᠯᠠ ᠨᠢ | ᠲᠠᠷᠢᠶᠠᠴᠢᠨ ᠲᠦᠮᠡᠨ ᠳᠤ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠠᠷᠭ᠎ᠠ ᠶᠢ | ᠣᠯᠭᠤᠵᠤ᠂ ᠥᠷᠭᠡᠨ ᠤᠯᠠᠨ ᠲᠠᠷᠢᠶᠠᠴᠢᠨ ᠲᠦᠮᠡᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠ | ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠬᠤ ᠴᠢᠳᠠᠪᠤᠷᠢ ᠶᠢ ᠨᠡᠮᠡᠭᠳᠡᠭᠦᠯᠬᠦ ᠳᠤ ᠢᠳᠡᠪᠬᠢᠲᠡᠶ ᠠᠬᠢᠭᠤᠯᠬᠤ | ᠦᠢᠯᠡᠳᠦᠯ ᠦᠵᠡᠭᠦᠯᠦᠭᠰᠡᠨ ᠪᠠᠶᠢᠨ᠎ᠠ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠬᠠᠶᠢᠷᠬᠠᠨ |