3 ᠰᠠᠷ᠎ᠠ ᠶᠢᠨ 7 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠥᠪᠥᠷ ᠮᠣᠩᠭᠤᠯ ᠤᠨ ᠪᠠᠩᠬᠢ᠂ ᠲᠤᠤ ᠶᠤᠸᠠᠨ ᠨᠡᠶᠢᠭᠡᠮ ᠲᠣᠭᠤᠷᠢᠭ ᠬᠠᠮᠲᠤᠷᠠᠨ ︽ᠬᠠᠤᠯᠢ ᠪᠠᠷ | ᠵᠠᠰᠠᠬᠤ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠠᠵᠢᠯᠯᠠᠭ᠎ᠠ︾ | ᠭᠡᠬᠦ 3.8 ᠤ ᠡᠮᠡᠭᠲᠡᠶᠢᠴᠦᠳ ᠤᠨ ᠡᠷᠬᠡ ᠠᠰᠢᠭ ᠤᠨ ᠬᠠᠮᠠᠭᠠᠯᠠᠯᠳᠠ ᠶᠢᠨ ᠲᠠᠶᠢᠯᠤᠮᠵᠢ ᠭᠢᠪᠡ᠃ ᠥᠷᠭᠡᠨ ᠤᠯᠠᠨ | ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠳᠡᠯᠭᠡ ᠪᠠ ᠲᠤᠰ ᠪᠡᠶ᠎ᠡ ᠶᠢᠨ ᠡᠷᠬᠡ ᠪᠠᠨ ᠬᠠᠮᠠᠭᠠᠯᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | | | | | ᠠᠵᠢᠯᠯᠠᠭ᠎ᠠ ᠳᠤ᠂ ᠥᠪᠥᠷ ᠮᠣᠩᠭᠤᠯ ᠤᠨ ᠪᠠᠩᠬᠢ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠤᠨ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠭᠢᠬᠠᠨ ᠮᠡᠬᠡᠯᠡᠬᠦ ᠶᠢ ᠡᠰᠡᠷᠭᠦᠴᠡᠬᠦ ᠠᠵᠢᠯᠯᠠᠭ᠎ᠠ ᠶᠢᠨ ᠵᠢᠱᠢᠶ᠎ᠡ᠂ | ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ᠃ ᠡᠭᠦᠨ ᠤ ᠬᠠᠮᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︶ | ︵ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ︵ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ | ᠰᠡᠷᠭᠡᠶᠢᠯᠡᠬᠦ ᠲᠤᠬᠠᠢ ᠬᠠᠤᠯᠢ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ᠃ ᠲᠠᠶᠢᠯᠤᠮᠵᠢ ᠬᠢᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠭᠤᠯᠤᠨ ᠂ ᠥᠷᠭᠡᠨ ᠣᠯᠠᠨ ᠡᠮᠡᠭᠲᠡᠶᠢᠴᠦᠳ ᠲᠤ | ᠦᠪᠡᠷ ᠤᠨ ᠪᠡᠶ᠎ᠡ ᠲᠠᠢ ᠪᠠᠨ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠵᠤ᠂ | ᠡᠮᠡᠭᠲᠡᠶᠢᠴᠦᠳ ᠲᠤ ᠬᠠᠤᠯᠢ ᠴᠠᠭᠠᠵᠠ ᠶᠢᠨ ᠵᠡᠪᠰᠡᠭ ᠢ ᠠᠰᠢᠭᠯᠠᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠶᠢ ᠦᠨᠡᠨ ᠬᠦ ᠮᠡᠳᠡᠭᠦᠯᠦᠭᠰᠡᠨ ᠪᠠᠶᠢᠨ᠎ᠠ ᠃ | ᠬᠤᠰᠢᠭᠤᠨ ᠤ ᠡᠮᠡᠭᠲᠡᠶᠢᠴᠦᠳ ᠤᠨ ᠬᠤᠯᠪᠣᠭᠠᠨ ᠤ ᠳᠡᠳ᠋ ᠲᠡᠷᠢᠭᠦᠯᠡᠭᠴᠢ ᠭᠧ ᠰᠢᠤᠸᠠᠢ ᠶᠢᠩ | ᠰᠤᠷᠪᠤᠯᠵᠢᠯᠠᠭ᠎ᠠ ᠭᠦᠯᠢᠶᠡᠬᠦ ᠳᠡᠭᠡᠨ᠄ ︽ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠤᠶᠠᠷ ᠥᠮᠡᠨ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠪᠠ | ᠬᠤᠶᠠᠷ ᠥᠮᠡᠨ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠢᠨᠵᠧᠨᠧᠷᠢᠩ ᠢ ᠦᠷᠭᠦᠯᠵᠢᠯᠡᠨ | ᠥᠷᠨᠢᠭᠦᠯᠬᠦ ᠶᠢᠨ ᠬᠠᠮᠲᠤ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠬᠠᠤᠯᠢ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠲᠦᠭᠡᠮᠡᠯᠵᠢᠭᠦᠯᠬᠦ ᠲᠤᠬᠠᠶ | ᠤᠬᠠᠭᠤᠯᠤᠨ ᠲᠠᠶᠢᠯᠪᠤᠷᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠡᠮᠡᠭᠲᠡᠶᠢᠴᠦᠳ ᠬᠡᠤᠬᠡᠳ ᠤᠨ | ᠡᠷᠬᠡ ᠠᠰᠢᠭ ᠢ ᠬᠠᠮᠠᠭᠠᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ︾ ᠭᠡᠯ᠎ᠠ ᠃ | ᠬᠦᠭᠡᠪᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠹᠠᠨ ᠸᠧᠨ ᠵᠢᠤᠸᠠᠨ | ᠰᠣᠷᠪᠣᠯᠵᠢᠢᠯᠠᠭᠠ ᠬᠦᠯᠢᠶᠡᠬᠦ ᠳᠤ ᠪᠠᠨ ︽ᠭᠤᠷᠪᠠᠨ ᠰᠠᠷ᠎ᠠ ᠶᠢᠨ ᠨᠠᠢᠮᠠᠨ ᠤ ᠡᠮᠡᠭᠳᠡᠶᠢᠴᠦᠳ ᠤᠨ ᠪᠠᠶᠠᠷ ᠬᠦᠷᠴᠦ | ᠢᠷᠡᠬᠦ ᠲᠠᠰᠢᠷᠠᠮ ᠢᠶᠠᠷ᠂ ᠲᠤᠤ ᠶᠤᠸᠠᠨ ᠨᠡᠶᠢᠭᠡᠮ ᠲᠣᠭᠤᠷᠢᠭ ᠲᠤ ᠶᠠᠪᠤᠭᠳᠠᠭᠰᠠᠨ ᠡᠨᠡ ᠤᠳᠠᠭ᠎ᠠ ᠶᠢᠨ ᠲᠠᠶᠢᠯᠤᠮᠵᠢ ᠨᠢ | ᠡᠮᠡᠭᠲᠡᠢ ᠠᠵᠢᠯᠳᠠᠨ ᠠᠵᠢᠯᠴᠢᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠪᠢᠳᠡᠨ ᠢ ᠬᠠᠤᠯᠢ ᠶᠢ | ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠭᠦᠯᠵᠦ ᠴᠢᠳᠠᠬᠤ ᠪᠣᠯᠭᠠᠵᠠᠢ ︾ ᠭᠡᠵᠦ ᠪᠠᠶᠠᠷᠳᠠᠶᠢᠬᠠᠨ | ᠶᠠᠷᠢᠯ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠡᠮᠡᠭᠲᠡᠶ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠡᠯ᠎ᠡ ᠱᠠᠲᠤᠨ ᠤ ᠡᠮᠡᠭᠲᠡᠶ ᠺᠠᠳ᠋ᠷ ᠣᠯᠠᠨ | ᠲᠦᠮᠡᠨ ᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠬᠢᠷᠢ ᠲᠦᠪᠰᠢᠨ ᠪᠠ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠳᠤᠮᠳᠠᠳᠤ ᠬᠤᠰᠢᠭᠤ ᠪᠠ ᠬᠠᠤᠯᠢ ᠪᠠᠷ ᠵᠠᠰᠠᠬᠤ | ᠳᠤᠮᠳᠠᠳᠤ ᠬᠤᠰᠢᠭᠤ ᠶᠢ ᠪᠥᠲᠥᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠬᠠᠶᠢᠷᠬᠠᠨ |