2023 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠰᠢᠪᠳᠣᠷᠭᠠᠨ ᠳᠤ ᠪᠠᠨ ᠤᠷᠤᠪᠠ
ᠨᠡᠶᠢᠲᠡᠯᠡᠭᠰᠡᠨ ᠴᠠᠭ᠄
2023/3/16
                    2023 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠨᠢᠭᠡᠨᠲᠡ ᠰᠢᠪᠳᠣᠷᠭᠠᠨ ᠳᠠᠭᠠᠨ ᠣᠷᠣᠵᠤ᠂ 3 ᠰᠠᠷ᠎ᠠ ᠶᠢᠨ 31 ᠤ ᠡᠳᠦᠷ ᠳᠠᠭᠤᠰᠤᠨ᠎ᠠ᠃

     3 ᠰᠠᠷ᠎ᠠ ᠶᠢᠨ  9 ᠤ ᠡᠳᠦᠷ᠂ ᠰᠣᠷᠪᠤᠯᠵᠢᠯᠠᠭᠴᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ

ᠲᠤᠪᠴᠢᠶᠠᠨ ᠠᠴᠠ ᠦᠢᠯᠭᠠᠭᠰᠠᠨ ᠢᠶᠠᠷ᠂ ᠮᠠᠨ ᠤ ᠬᠤᠰᠢᠭᠤᠨ᠋ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ

ᠡᠮ ᠡᠮᠨᠡᠯᠭᠡ ᠶᠢᠨ ᠳᠠᠭᠠᠳᠬᠠᠯ   ᠳᠤ ᠲᠤᠰᠢᠶᠠᠬᠤ ᠪᠡᠯᠡ ᠮᠦᠩᠭᠦ ᠶᠢ ᠨᠢᠳᠦᠨᠣᠨ ᠤ ᠰᠠᠭᠤᠷᠢ ᠲᠤᠭ᠎ᠠ ᠶᠣᠰᠣᠭᠠᠷ

ᠯᠠᠪᠯᠠᠯᠲᠠ ᠪᠣᠯᠭᠠᠵᠤ᠂ ᠣᠨᠴᠠᠭᠠᠢ ᠬᠥᠮᠦᠰ ᠤᠨ ᠲᠤᠰᠢᠶᠠᠬᠤ ᠰᠦᠢᠳᠬᠡᠯ ᠨᠢ ᠨᠢᠭᠡᠨᠲᠡ 100 % ᠳᠤ ᠬᠦᠷᠴᠦ᠂

ᠡᠩ ᠤᠨ ᠬᠥᠮᠦᠰ ᠤᠨ ᠲᠤᠭ᠎ᠠ 90 % ᠠᠴᠠ ᠲᠡᠭᠡᠭᠰᠢ ᠳᠤ ᠬᠦᠷᠴᠦ᠂ ᠤᠳᠤᠬᠠᠨ ᠳᠤ ᠴᠥᠭᠡᠨ ᠲᠤᠭᠠᠨ ᠤ

ᠰᠠᠭᠤᠭᠠᠯᠢ ᠠᠷᠠᠳ ᠪᠠᠰᠠ ᠰᠦᠢᠳᠬᠡᠯ ᠵᠶ᠋ᠠᠨ‌‍ᠲ᠋ᠤᠰᠢᠶᠠᠭ᠎ᠠ ᠦᠭᠡᠢ ᠪᠠᠶᠢᠨ᠎ᠠ᠃ ᠬᠤᠰᠢᠭᠤᠨ ᠤ ᠡᠮ ᠡᠮᠨᠡᠯᠭᠡ ᠶᠢᠨ

ᠳᠠᠭᠠᠳᠬᠠᠯ   ᠤᠨ ᠲᠣᠪᠴᠢᠶ᠎ᠠ ᠶᠢᠨ ᠠᠵᠢᠯᠳᠠᠨ ᠠᠴᠠ ᠰᠠᠨᠠᠭᠤᠯᠬᠤ ᠨᠢ᠂ ᠡᠨᠡ ᠵᠢᠯ ᠤᠨ ᠰᠦᠢᠳᠬᠡᠯ ᠲᠤᠰᠢᠶᠠᠬᠤ

ᠬᠤᠭᠤᠴᠠᠭ᠎ᠠ ᠨᠢ ᠲᠤᠰ ᠰᠠᠷ᠎ᠠ ᠶᠢᠨ 31 ᠪᠣᠯᠲᠠᠯ᠎ᠠ  ᠶᠠᠪᠤᠭᠳᠠᠬᠤ ᠤᠴᠢᠷ ᠠᠴᠠ ᠥᠷᠭᠡᠨ ᠣᠯᠠᠨ ᠰᠠᠭᠤᠭᠠᠯᠢ ᠠᠷᠠᠳ

ᠰᠦᠢᠳᠬᠡᠯ ᠢᠶᠠᠨ ᠡᠷᠳᠡᠭᠡᠨ ᠲᠤᠰᠢᠶᠠᠭᠠᠷᠠᠢ᠃    

       ᠰᠣᠷᠪᠤᠯᠵᠢᠯᠠᠭ᠎ᠠ᠄  ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠦᠪ ᠤᠨ

ᠡᠷᠬᠢᠯᠡᠭᠴᠢ ᠦ᠋ ᠰᠢᠶᠠ ︽ᠬᠡᠷᠪᠡ 2023 ᠣᠨ ᠤ 3 ᠰᠠᠷ᠎ᠠ ᠶᠢᠨ 31 ᠤ ᠡᠳᠦᠷ ᠠᠴᠠ ᠡᠮᠦᠨ᠎ᠡ ᠨᠠᠲᠷᠢ ᠪᠠᠨ

ᠲᠤᠰᠢᠶᠠᠬᠤ ᠦᠭᠡᠢ ᠪᠤᠯ᠂ ᠳᠠᠬᠢᠨ ᠳᠠᠭᠠᠳᠬᠠᠯ ᠢᠶᠠᠨ ᠦᠷᠭᠦᠯᠵᠢᠯᠡᠭᠦᠯᠬᠦ ᠳᠤ ᠭᠦᠷᠪᠡᠯ᠂ ᠬᠤᠶᠠᠷ ᠰᠠᠷ᠎ᠠ ᠶᠢᠨ

ᠬᠤᠭᠤᠴᠠᠭ᠎ᠠ ᠲᠠᠢ ᠪᠠᠶᠢᠵᠤ᠂ ᠬᠠᠷᠠᠭᠠᠯᠵᠠᠯ ᠵᠡᠷᠭᠡ ᠤᠨᠴᠠᠭᠠᠢ ᠬᠤᠭᠤᠴᠠᠭᠠᠨ ᠳᠤ ᠪᠣᠯ ᠡᠮ ᠡᠮᠨᠡᠯᠭᠡ ᠶᠢᠨ

ᠳᠠᠭᠠᠳᠬᠠᠯ ᠤᠨ ᠬᠠᠷᠠᠭᠠᠯᠵᠠᠯ ᠢ ᠭᠥᠷᠳᠡᠵᠦ ᠳᠡᠶᠢᠯᠬᠦ ᠥᠬᠡᠶ ᠶᠤᠮ᠃ ᠪᠠᠰᠠ ᠥᠷᠭᠡᠨ ᠣᠯᠠᠨ ᠰᠠᠭᠤᠭᠠᠯᠢ ᠠᠷᠠᠳ ᠲᠤ

ᠰᠠᠨᠠᠭᠤᠯᠬᠤ ᠴᠢᠬᠤᠯᠠᠲᠠᠶ ᠵᠦᠢᠯ ᠭᠡᠪᠡᠯ᠂ ᠪᠢᠳᠡ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ

ᠡᠷᠬᠡᠪᠰᠢ ᠤᠷᠢᠳ ᠢᠶᠠᠷ ᠰᠦᠢᠳᠬᠡᠯ ᠲᠤᠰᠢᠶᠠᠵᠤ᠂ ᠳᠠᠷᠠᠭ᠎ᠠ ᠨᠢ ᠡᠮᠨᠡᠯᠭᠡ ᠳᠤ ᠰᠠᠭᠤᠪᠠᠯ ᠰᠠᠶ᠋ᠢ ᠬᠡᠪ ᠤᠨ

ᠪᠠᠶᠢᠳᠠᠯ ᠢᠶᠠᠷ ᠡᠳ᠋ᠯᠡᠵᠦ ᠴᠢᠳᠠᠨ᠎ᠠ᠃ ᠬᠡᠷᠪᠡ ᠤᠷᠢᠳ ᠢᠶᠠᠷ ᠡᠮᠨᠡᠯᠭᠡ ᠳᠤ ᠰᠠᠭᠤᠵᠤ᠂ ᠳᠠᠷᠠᠭ᠎ᠠ ᠨᠢ ᠰᠦᠢᠳᠬᠡᠯ

ᠲᠤᠰᠢᠶᠠᠪᠠᠯ ᠳᠠᠩᠰᠠ ᠲᠠᠶᠢᠯᠬᠤ ᠶᠢᠨ ᠠᠷᠭ᠎ᠠ ᠦᠭᠡᠶ ᠪᠣᠯᠤᠨ᠎ᠠ︾ ᠭᠡᠵᠦ ᠮᠠᠨ ᠳᠤ ᠶᠠᠷᠢᠯ᠎ᠠ  ᠃

      ᠣᠳᠣᠬᠠᠨ ᠳᠤ᠂ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠲᠠᠯ᠎ᠠ ᠪᠠᠷ᠂

ᠰᠠᠭᠤᠭᠠᠯᠢ ᠠᠷᠠᠳ ᠠᠴᠠ ᠬᠠᠮᠤᠭ ᠤᠨ ᠲᠡᠷᠢᠭᠦᠨ ᠳᠤ ᠸᠢᠴᠠᠲ ᠪᠤᠶᠤ ᡁᠢ ᠹᠦ᠋ ᠪᠤᠣ ᠶᠢᠨ ︽ᠥᠪᠥᠷ ᠮᠣᠩᠭᠤᠯ ᠤᠨ

ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠶᠢ ᠬᠠᠶᠢᠵᠤ ᠤᠯᠤᠭᠠᠳ

ᠲᠠᠭᠠᠳᠬᠠᠯ ᠢᠶᠠᠨ ᠲᠤᠰᠢᠶᠠᠵᠤ ᠪᠣᠯᠤᠨ᠎ᠠ᠃ ᠡᠭᠦᠨ ᠠᠴᠠ ᠭᠠᠳᠠᠨ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ

ᠲᠣᠳᠣᠷᠬᠠᠢ ᠮᠡᠳᠡᠬᠦ ᠦᠭᠡᠢ ᠰᠠᠭᠤᠭᠠᠯᠢ ᠠᠷᠠᠳ ᠨᠡᠶᠢᠭᠡᠮ ᠤᠨ ᠳᠠᠭᠠᠳᠬᠠᠯ ᠤᠨ ᠺᠠᠷᠲ᠂ ᠪᠡᠶ᠎ᠡ ᠶᠢᠨ ᠦᠨᠡᠮᠯᠡᠯ   ᠢᠶᠠᠨ

ᠠᠪᠴᠤ ᠨᠡᠶᠢᠭᠡᠮ ᠲᠣᠭᠤᠷᠢᠭ᠂ ᠲᠣᠰᠬᠤᠨ᠋ ᠤ ᠠᠷᠠᠳ ᠤᠨ  ᠵᠦᠪᠯᠡᠯ ᠤᠨ ᠠᠵᠢᠯᠲᠠᠨ ᠢ ᠡᠷᠢᠵᠦ ᠭᠠᠷ ᠣᠳᠠᠰᠣᠨ ᠤ

ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠤᠶᠤ ᠰᠢᠭᠤᠳ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠤᠨ

ᠭᠠᠶᠢᠯᠢ ᠶᠢᠨ ᠶᠠᠪᠤᠳᠠᠯ ᠤᠨ ᠴᠣᠩᠬᠤᠨ᠋ ᠳᠤ ᠬᠦᠷᠴᠦ ᠲᠤᠬᠠᠢ ᠶᠢᠨ ᠲᠠᠯᠠᠪᠠᠢ ᠳᠤ ᠰᠦᠢᠳᠬᠡᠯ ᠲᠤᠰᠢᠶᠠᠵᠤ ᠪᠣᠯᠤᠨ᠎ᠠ᠃

            ᠵᠣᠬᠢᠶ᠋ᠬᠠᠴᠢ᠄  ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ

ᠲᠥᠪ

           ᠣᠷᠴᠢᠭᠤᠯᠣᠨᠨᠴᠢ᠄  ᠠᠴᠢᠯᠠ

           

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号