| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ᠨᠢᠭᠡ᠂ ᠠᠬᠤᠶ ᠪᠠᠶᠢᠳᠠᠯ | ᠮᠠᠨ ᠤ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠪᠤᠷ ᠤᠨ ᠤᠯᠠᠷᠢᠯ ᠤᠨ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠮᠢᠲᠠᠨ ᠤ ᠡᠭᠡᠯᠢᠯᠡᠭᠡ ᠵᠡᠷᠭᠡ ᠡᠯ᠎ᠡ | ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠶ ᠥᠷᠨᠢᠭᠦᠯᠬᠦ ᠶᠢ ᠪᠠᠲᠤᠯᠠᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠤᠨ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠪᠠ | ᠠᠮᠢᠲᠠᠨ ᠤ ᠠᠰᠢᠭ ᠰᠢᠮ᠎ᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠡᠷᠡᠭ ᠡᠭᠦᠰᠬᠦ | ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠡᠶᠢᠮᠦ ᠠᠴᠠ ︽2023 ᠣᠨ ᠤ ᠬᠠᠪᠤᠷ ᠤᠨ ᠤᠯᠠᠷᠢᠯ ᠤᠨ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠬᠠᠮ ᠳᠠᠶᠢᠯᠠᠯᠳᠤᠭᠠᠨ ᠢ ᠵᠣᠬᠢᠶᠠᠨ ᠪᠠᠶᠢᠭᠤᠯᠤᠨ | ᠦᠷᠨᠢᠬᠦᠯᠬᠦ ᠲᠣᠬᠠᠢ︾ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ | ᠬᠤᠶᠡᠷ᠂ ᠠᠵᠢᠯ ᠤᠨ ᠠᠷᠭ᠎ᠠ ᠬᠡᠮᠵᠢᠶ᠎ᠡ ᠬᠢᠭᠡᠳ ᠬᠠᠷᠠᠯᠲᠠ ᠡᠭᠦᠷᠭᠡ | ︵ᠨᠢᠭᠡ︶ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠳᠤ ᠲᠥᠪᠯᠡᠷᠡᠭᠦᠯᠦᠨ ᠡᠭᠡᠯᠢᠯᠡᠭᠡ ᠬᠢᠬᠦ ᠠᠵᠢᠯ ᠢ | ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ | ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ | ᠡᠭᠡᠯᠢᠯᠡᠭᠡ ᠶᠢᠨ ᠠᠵᠢᠯ ᠢ 3 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 5 ᠤ ᠡᠳᠦᠷ ᠪᠣᠯᠲᠠᠯ᠎ᠠ ᠲᠥᠪᠯᠡᠷᠡᠭᠦᠯᠦᠨ | ᠥᠷᠨᠢᠭᠦᠯᠵᠦ᠂ ᠳᠥᠷᠪᠡᠨ ᠱᠠᠲᠤ ᠬᠤᠪᠢᠶᠠᠨ᠎ᠠ᠄ ᠨᠢᠭᠡᠳᠦᠭᠡᠷ ᠱᠠᠲᠤ ᠨᠢ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ | ᠭᠠᠭ᠋ᠠᠶ ᠶᠢᠨ ᠬᠢᠵᠢᠭ᠂ ᠦᠬᠡᠷ ᠤᠨ ᠰᠢᠯᠦᠬᠡᠶ ᠡᠪᠡᠳᠴᠢᠨ᠂ ᠪᠤᠳᠤ ᠶᠢᠨ ᠡᠭᠡᠯᠢᠯᠡᠭᠡ ᠶᠢᠨ ᠱᠠᠲᠤ ︵3 ᠰᠠᠷ᠎ᠠ ᠶᠢᠨ | 5 ᠤ ᠡᠳᠦᠷ ᠠᠴᠠ 3 ᠰᠠᠷ᠎ᠠ ᠶᠢᠨ 20 ᠤ ᠡᠳᠦᠷ ᠪᠣᠯᠲᠠᠯ᠎ᠠ︶︔ ᠬᠤᠶᠠᠳᠤᠭᠠᠷ ᠱᠠᠲᠤ ᠨᠢ ᠭᠠᠭ᠋ᠠᠶ᠂ ᠬᠤᠨᠢᠨ ᠤ | ᠰᠢᠯᠦᠬᠡᠶ ᠡᠪᠡᠳᠴᠢᠨ᠂ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ᠂ ᠲᠠᠬᠢᠶᠠᠨ ᠤ ᠬᠢᠵᠢᠭ ᠤᠨ | ᠡᠭᠡᠯᠢᠯᠡᠭᠡ ᠶᠢᠨ ᠱᠠᠲᠤ ︵3 ᠳ᠋ᠤᠭᠠᠷ ᠰᠠᠷ᠎ᠠ ᠶᠢᠨ 21 ᠤ ᠡᠳᠦᠷ ᠠᠴᠠ 4 ᠳ᠋ᠣᠭᠡᠷ ᠰᠠᠷ᠎ᠠ ᠶᠢᠨ 5 ᠤ ᠡᠳᠦᠷ | ᠪᠣᠯᠲᠠᠯ᠎ᠠ︶︔ ᠭᠤᠷᠪᠠᠳᠤᠭᠠᠷ ᠱᠠᠲᠤ ᠨᠢ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠶ ᠶᠢᠨ ᠴᠠᠬᠢᠷᠮ᠎ᠠ ᠶᠢᠨ | ᠡᠪᠡᠳᠴᠢᠨ᠂ ᠮᠠᠯ ᠤᠨ ᠬᠢᠵᠢᠭ ᠤᠨ ᠡᠭᠡᠯᠢᠯᠡᠭᠡ ᠶᠢᠨ ᠱᠠᠲᠤ ︵4 ᠰᠠᠷ᠎ᠠ ᠶᠢᠨ 6 ᠤ ᠡᠳᠦᠷ ᠠᠴᠠ 4 ᠰᠠᠷ᠎ᠠ ᠶᠢᠨ | 20 ᠤ ᠡᠳᠦᠷ ᠪᠣᠯᠲᠠᠯ᠎ᠠ︶︔ ᠳᠥᠷᠪᠡᠳᠦᠭᠡᠷ ᠱᠠᠲᠤ ᠨᠢ ᠬᠤᠨᠢ᠂ ᠮᠢᠬᠠᠨ ᠬᠤᠣᠷᠠᠳᠣ ᠣᠷᠬᠢᠴᠠ ᠪᠠᠺᠲ᠋ᠧᠷᠢ ᠶᠢᠨ | ᠥᠯᠥ ᠬᠠᠯᠳᠠᠪᠦᠷᠢᠯᠠᠬᠤ ᠱᠠᠲᠤ ᠪᠠ ᠪᠤᠰᠤᠳ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠨᠥᠬᠦᠵᠦ ᠥᠯᠥ | ᠬᠠᠯᠳᠠᠪᠦᠷᠢᠯᠠᠬᠤ ᠱᠠᠲᠤ ︵4 ᠳ᠋ᠣᠭᠡᠷ ᠰᠠᠷ᠎ᠠ ᠶᠢᠨ 21 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ | ᠪᠣᠯᠲᠠᠯ᠎ᠠ︶ ᠪᠣᠯᠤᠨ᠎ᠠ᠃ ᠠᠮᠢᠲᠠᠨ ᠤ ᠡᠭᠡᠯᠢᠯᠡᠭᠡ ᠶᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠠᠮᠢᠲᠠᠨ ᠤ ᠬᠢᠵᠢᠭ ᠡᠪᠡᠳᠴᠢᠨ ᠳᠤ | ᠠᠯᠪᠠᠳᠠᠯᠭ᠎ᠠ ᠪᠠᠷ ᠡᠭᠡᠯᠢᠯᠡᠭᠡ ᠶᠢᠨ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠬᠤ ᠶᠢ ᠦᠨᠡᠨᠬᠦ | ᠪᠠᠲᠤᠯᠠᠵᠤ᠂ ᠭᠡᠯᠳᠦᠷᠢᠭᠦᠯᠬᠦ ᠶᠣᠰᠣᠲᠠᠶ ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ | ᠬᠦᠷᠦᠭᠦᠯᠵᠦ᠂ ᠪᠦᠷᠢᠨ ᠪᠦᠲᠦᠨ ᠨᠠᠷᠢᠨ ᠪᠣᠳᠠᠲᠠᠶ ᠡᠭᠡᠯᠢᠯᠡᠭᠡ ᠶᠢᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠶ᠃ | ︵ᠬᠤᠶᠠᠷ︶ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠬᠢᠵᠢᠭ ᠤᠨ | ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠵᠤ ᠥᠷᠨᠢᠭᠦᠯᠦᠨ᠎ᠡ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠠᠵᠢᠯ ᠢ ᠬᠢᠬᠦ ᠶᠢᠨ ᠬᠠᠮᠲᠤ᠂ | ᠬᠠᠷᠢᠶ᠎ᠠ ᠣᠷᠣᠨ ᠤ ᠳᠣᠲᠣᠷᠠᠬᠢ ᠠᠮᠢᠳᠠᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠬᠦᠴᠦᠨ ᠵᠦᠢᠯ ᠲᠠᠢ | ᠤᠶᠠᠯᠳᠤᠭᠤᠯᠤᠨ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠢ ︵ᠡᠷᠦᠭᠡ︶᠂ ᠮᠠᠯ ᠵᠢᠭᠦᠷᠲᠡᠨ ᠢ | ᠠᠷᠠᠯᠵᠢᠶᠠᠯᠠᠬᠤ ᠵᠠᠬ᠎ᠠ ᠳᠡᠯᠭᠡᠭᠦᠷ᠂ ᠨᠢᠲᠤᠯᠬᠤ ᠭᠠᠵᠠᠷ᠂ ᠬᠤᠣᠷ ᠥᠭᠡᠶᠢᠵᠢᠬᠦᠯᠦᠨ ᠰᠢᠢᠳᠪᠦᠷᠢᠯᠡᠬᠦ ᠲᠠᠯᠠᠪᠠᠢ᠂ | ᠬᠠᠭᠤᠴᠢᠨ ᠬᠢᠵᠢᠭᠲᠦ ᠣᠷᠣᠨ᠂ ᠨᠡᠭᠦᠳᠡᠯ ᠤᠨ ᠰᠢᠪᠠᠭᠤ ᠶᠢᠨ ᠣᠷᠣᠰᠢᠨ ᠠᠮᠢᠳᠤᠷᠠᠬᠤ ᠭᠠᠵᠠᠷ ᠵᠡᠷᠭᠡ ᠵᠠᠩᠭᠢᠯᠠᠭ᠎ᠠ ᠶᠢᠨ | ᠭᠠᠵᠠᠷ ᠲᠠᠯᠠᠪᠤᠷ ᠪᠣᠯᠤᠨ ᠭᠠᠵᠠᠷ ᠣᠷᠣᠨ ᠤ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠯᠦᠬᠡᠶ ᠡᠪᠡᠳᠴᠢᠨ᠂ | ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠬᠦᠨᠳᠦ ᠶᠡᠭᠡ ᠠᠮᠢᠳᠠᠨ ᠤ | ᠬᠢᠵᠢᠭ ᠡᠪᠡᠳᠴᠢᠨ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠪᠠ ᠬᠢᠵᠢᠭ ᠤᠨ ᠪᠠᠶᠢᠳᠠᠯ ᠢ | ᠵᠢᠭᠰᠠᠭᠠᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠰᠢᠯᠲᠠᠭᠠᠨ ᠨᠢ | ᠲᠣᠳᠣᠷᠬᠠᠶ ᠥᠬᠡᠶ ᠪᠠᠷ ᠥᠭᠦᠭᠰᠡᠨ ᠠᠮᠢᠲᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭ | ᠲᠤᠬᠠᠶ ᠳᠤᠨᠢ ᠢᠯᠡᠷᠡᠭᠦᠯᠵᠦ᠂ ᠵᠢᠷᠤᠮᠵᠢᠯ ᠲᠠᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠮᠢᠳᠤ ᠵᠢᠭᠦᠷᠲᠡᠨ ᠤ ᠳᠡᠯᠭᠡᠭᠡ ᠮᠠᠶᠢᠮᠠᠶ ᠪᠠ ᠬᠡᠭᠡᠷ᠎ᠡ ᠶᠢᠨ | ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠵᠤ | ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠠᠷᠠᠯᠵᠢᠶᠠᠯᠠᠬᠤ ᠠᠵᠢᠯᠯᠠᠭ᠎ᠠ ᠶᠢ ᠴᠢᠩᠭ᠎ᠠ | ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ︵ᠭᠤᠷᠪᠠ︶ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠲᠦᠷᠢᠮ᠂ ᠠᠮᠢᠳᠠᠨ ᠤ ᠬᠢᠵᠢᠭ ᠤᠨ ᠪᠠᠶᠢᠳᠠᠯ ᠢ | ᠮᠡᠳᠡᠭᠦᠯᠬᠦ ᠪᠠ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠶᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠶ᠃ ᠠᠮᠢᠲᠠᠨ ᠤ ᠬᠢᠵᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠲᠠᠰ ᠳᠠᠷᠠᠭᠠᠯᠠᠯ ᠢ | ᠵᠢᠷᠤᠮᠵᠢᠭᠤᠯᠵᠤ᠂ ᠴᠠᠭ ᠲᠤᠬᠠᠶ ᠳᠤᠨᠢ ᠱᠠᠲᠤ ᠳᠠᠷᠠᠭᠠᠯᠠᠨ ᠦᠨᠡᠨ ᠮᠥᠨ ᠢᠶᠠᠷ ᠨᠢ ᠳᠡᠭᠡᠭᠰᠢ ᠮᠡᠳᠡᠭᠦᠯᠬᠦ ᠬᠡᠷᠡᠭᠲᠡᠶ᠂ | ᠮᠡᠳᠡᠭᠦᠯᠬᠦ ᠥᠬᠡᠶ ᠨᠢᠭᠤᠬᠤ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠱᠠᠲᠤ ᠠᠯᠤᠰᠯᠠᠨ | ᠳᠡᠭᠡᠭᠰᠢ ᠮᠡᠳᠡᠭᠦᠯᠵᠦ ᠪᠣᠯᠬᠤ ᠥᠬᠡᠶ᠃ ᠬᠢᠵᠢᠭ ᠤᠨ ᠪᠠᠶᠢᠳᠠᠯ ᠡᠭᠦᠰᠬᠦ ᠳᠤ ᠬᠦᠷᠪᠡᠯ᠂ ︽ᠡᠷᠲᠡ᠂ ᠲᠦᠷᠭᠡᠨ᠂ | ᠴᠢᠩᠭ᠎ᠠ᠂ ᠪᠠᠭ᠎ᠠ︾ ᠪᠠᠶᠢᠬᠤ ᠵᠠᠷᠴᠢᠮ ᠤᠨ ᠶᠣᠰᠣᠭᠠᠷ ᠡᠷᠡᠰ ᠰᠢᠭᠤᠷᠬᠠᠶ ᠪᠠᠷ ᠵᠢᠷᠤᠮᠵᠢᠭᠤᠯᠤᠨ ᠰᠢᠢᠳᠪᠦᠷᠢᠯᠡᠵᠦ᠂ | ᠲᠠᠷᠬᠠᠵᠤ ᠳᠡᠯᠭᠡᠷᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠡᠭᠦᠨ ᠤ ᠵᠡᠷᠭᠡᠴᠡᠪᠡᠷ ᠠᠮᠢᠳᠠᠨ ᠤ ᠬᠢᠵᠢᠭ ᠤᠨ | ᠪᠠᠶᠢᠳᠠᠯ ᠤᠨ ᠪᠠᠴᠢᠮ ᠪᠠᠶᠢᠳᠡᠯ ᠢ ᠠᠷᠭᠠᠴᠠᠬᠤ ᠪᠠᠶᠢᠭᠤᠯᠤᠮᠵᠢ᠂ ᠡᠩᠨᠡᠭᠡᠨ ᠤ ᠪᠠᠶᠢᠭᠤᠯᠤᠯᠲᠠ ᠪᠣᠯᠤᠨ ᠪᠠᠴᠢᠮ | ᠪᠠᠶᠢᠳᠠᠯ ᠢ ᠠᠷᠭᠠᠴᠠᠬᠤ ᠭᠡᠨᠡᠳᠲᠡ ᠶᠢᠨ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠᠴᠢᠮ | ᠪᠠᠶᠢᠳᠠᠯ ᠢ ᠠᠷᠭᠠᠴᠠᠬᠤ ᠪᠠᠷᠠᠭ᠎ᠠ ᠨᠥᠭᠡᠴᠡᠯᠡᠬᠦ ᠶᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ︵ᠳᠦᠷᠪᠡ︶ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ | ᠱᠠᠭᠠᠷᠳᠠᠯᠭ᠎ᠠ ᠶᠣᠰᠣᠭᠠᠷ᠂ ᠲᠥᠪᠯᠡᠷᠡᠭᠦᠯᠦᠨ ᠬᠢᠨᠠᠨ ᠬᠡᠮᠵᠢᠬᠦ᠂ ᠬᠡᠪ ᠤᠨ ᠬᠢᠨᠠᠨ ᠬᠡᠮᠵᠢᠬᠦ ᠶᠢ ᠬᠠᠷᠢᠯᠴᠠᠨ | ᠤᠶᠠᠯᠳᠤᠭᠤᠯᠬᠤ ᠠᠷᠭ᠎ᠠ ᠶᠢ ᠬᠡᠷᠡᠭᠵᠢᠭᠦᠯᠵᠦ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠯᠦᠬᠡᠶ ᠡᠪᠡᠳᠴᠢᠨ᠂ | ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠠᠮᠢᠲᠠᠨ ᠤ ᠬᠦᠨᠳᠦ ᠶᠡᠭᠡ | ᠬᠢᠵᠢᠭ ᠡᠪᠡᠳᠴᠢᠨ ᠤ ᠴᠠᠷᠤᠯᠲᠠ ᠶᠢᠨ ᠡᠰᠡᠷᠭᠦᠴᠡᠭᠴᠢ ᠪᠣᠯᠤᠨ ᠡᠪᠡᠳᠴᠢᠨ ᠡᠭᠦᠰᠭᠡᠭᠴᠢ ᠶᠢᠨ ᠰᠤᠳᠤᠯᠤᠯ ᠤᠨ ᠬᠢᠨᠠᠨ | ᠬᠡᠮᠵᠢᠵᠦ ᠲᠣᠬᠢᠷᠠᠭᠤᠯᠬᠤ ᠠᠵᠢᠯ ᠢ ᠴᠠᠭ ᠲᠤᠬᠠᠶ ᠳᠤᠨᠢ᠂ ᠪᠦᠬᠦ ᠲᠠᠯ᠎ᠠ ᠪᠠᠷ ᠥᠷᠨᠢᠭᠦᠯᠵᠦ᠂ ᠤᠷᠤᠰᠬᠠᠨ | ᠲᠣᠬᠢᠷᠠᠭᠤᠯᠬᠤ᠂ ᠬᠢᠨᠠᠨ ᠬᠡᠮᠵᠢᠭᠰᠡᠨ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠬᠦ ᠶᠢ ᠰᠠᠶᠢᠲᠤᠷ ᠬᠢᠬᠦ | ᠬᠡᠷᠡᠭᠲᠡᠶ᠃ ᠰᠤᠭᠤᠴᠢᠨ ᠪᠠᠶᠢᠴᠠᠭᠠᠬᠤ ᠬᠠᠮᠲᠤᠯᠢᠭ ᠤᠨ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠭᠰᠡᠨ | ᠨᠣᠷᠮ᠎ᠠ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ ᠴᠠᠭ ᠲᠤᠬᠠᠶ ᠳᠤᠨᠢ ᠨᠥᠬᠦᠵᠦ | ᠭᠡᠯᠳᠦᠷᠢᠭᠦᠯᠬᠦ ᠬᠡᠷᠡᠭᠲᠡᠶ᠃ ᠲᠡᠵᠢᠭᠡᠨ ᠦᠷᠡᠵᠢᠭᠦᠯᠬᠦ ᠲᠠᠯᠠᠪᠠᠶ᠂ ᠨᠢᠲᠤᠯᠬᠤ ᠲᠠᠯᠠᠪᠠᠶ᠂ ᠮᠠᠯ ᠵᠢᠭᠦᠷᠲᠡᠨ ᠤ | ᠠᠷᠠᠯᠵᠢᠶ᠎ᠠ ᠶᠢᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠪᠡᠳᠴᠢᠨ ᠡᠭᠦᠰᠭᠡᠭᠴᠢ ᠶᠢᠨ | ᠰᠤᠳᠤᠯᠤᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠡᠪᠡᠳᠴᠢᠨ ᠡᠭᠦᠰᠭᠡᠭᠴᠢ ᠶᠢᠨ ᠲᠠᠷᠬᠠᠯᠲᠠ ᠶᠢᠨ | ᠬᠥᠳᠡᠯᠦᠩᠭᠦᠶ ᠪᠠᠶᠢᠳᠠᠯ ᠢ ᠣᠨᠣᠪᠴᠢᠲᠠᠶ ᠡᠵᠡᠮᠰᠢᠨ᠂ ᠬᠢᠵᠢᠭ ᠤᠨ ᠳᠠᠯᠳᠠ ᠬᠡᠮ ᠢ ᠠᠷᠢᠯᠭᠠᠬᠤ ᠬᠡᠷᠡᠭᠲᠡᠶ᠃ | ︵ᠲᠠᠪᠤ︶ ᠰᠢᠨ᠎ᠡ ᠬᠡᠷᠦᠬᠦ ᠡᠪᠡᠳᠴᠢᠨ᠂ ᠪᠠᠭᠯᠠᠭᠴᠢ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠯᠠᠪᠳᠠᠭᠤᠨ ᠢᠶᠠᠷ ᠠᠬᠢᠭᠤᠯᠤᠨ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠷᠦᠬᠦ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠦᠯ ︵2021 — 2023 ᠣᠨ︶︾ ᠤᠨ ᠱᠠᠭᠠᠷᠳᠠᠯᠭ᠎ᠠ ᠶᠣᠰᠣᠭᠠᠷ | ᠂ ᠤᠷᠢᠳᠴᠢᠯᠠᠨ ᠰᠡᠷᠭᠡᠶᠢᠯᠡᠵᠦ ᠥᠯᠥ ᠬᠠᠯᠳᠠᠭᠠᠬᠤ᠂ ᠬᠢᠨᠠᠨ ᠬᠡᠮᠵᠢᠬᠦ᠂ ᠡᠬᠢ ᠶᠢ ᠨᠢ ᠡᠷᠢᠵᠦ ᠴᠡᠭ ᠢ ᠨᠢ | ᠤᠰᠠᠳᠬᠠᠬᠤ᠂ ᠡᠬᠢ ᠶᠢ ᠨᠢ ᠤᠰᠠᠳᠬᠠᠬᠤ ᠪᠠ ᠠᠯᠠᠵᠤ ᠴᠡᠪᠡᠷᠰᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ᠂ ᠪᠥᠬᠦ ᠲᠠᠯ᠎ᠠ ᠪᠠᠷ ᠥᠷᠨᠢᠭᠦᠯᠬᠦ ᠶᠢ ᠪᠠᠲᠤᠯᠠᠬᠤ ᠬᠡᠷᠡᠭᠲᠡᠶ᠃ ᠰᠢᠨ᠎ᠡ ᠬᠡᠷᠦᠬᠦ ᠡᠪᠡᠳᠴᠢᠨ ᠢ ᠬᠢᠨᠠᠨ | ᠬᠡᠮᠵᠢᠬᠦ ᠬᠦᠷᠢᠶ᠎ᠡ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ︽ᠭᠤᠷᠪᠠᠨ 50%︾ ᠶᠢᠨ | ᠶᠣᠰᠣᠭᠠᠷ ᠬᠢᠨᠠᠨ ᠬᠡᠮᠵᠢᠭᠰᠡᠨ ᠲᠤᠭ᠎ᠠ ᠬᠡᠮᠵᠢᠶ᠎ᠡ ᠶᠢ ᠲᠡᠵᠢᠭᠡᠵᠦ ᠪᠠᠶᠢᠭ᠎ᠠ ᠬᠤᠨᠢ ᠢᠮᠠᠭ᠎ᠠ ᠶᠢᠨ 5% ᠠᠴᠠ ᠳᠣᠤᠷ᠎ᠠ | ᠪᠠᠶᠢᠯᠭᠠᠬᠤ ᠥᠬᠡᠶ ᠪᠠᠶᠢᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠥᠮᠦᠨ ᠤ ᠬᠤᠭᠤᠷᠣᠨᠳᠣᠬᠢ ᠰᠢᠨ᠎ᠡ ᠬᠡᠷᠦᠬᠦ | ᠡᠪᠡᠳᠴᠢᠨ ᠤ ᠵᠢᠱᠢᠶ᠎ᠡ ᠶᠢᠨ ᠢᠷᠡᠯᠲᠡ ᠶᠢ ᠡᠷᠢᠬᠦ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠡᠯ᠎ᠡ ᠭᠠᠵᠠᠷ ᠤᠨ | ᠮᠠᠯ ᠤᠨ ᠬᠤᠭᠤᠷᠣᠨᠳᠣᠬᠢ ᠲᠠᠷᠬᠠᠯᠲᠠ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠳᠠᠯ ᠢ ᠪᠤᠰᠤᠳᠴᠢ ᠪᠠᠷ᠂ ᠪᠥᠬᠦ | ᠲᠠᠯ᠎ᠠ ᠪᠠᠷ ᠵᠠᠳᠠᠯᠵᠤ᠂ ᠬᠢᠨᠠᠨ ᠬᠡᠮᠵᠢᠭᠰᠡᠨ ᠦᠷ᠎ᠡ ᠳ᠋ᠦᠩ᠂ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢ ᠵᠠᠳᠠᠯᠤᠨ | ᠦᠨᠡᠯᠡᠬᠦ ᠶᠢ ᠴᠢᠩᠭᠠᠳᠬᠠᠨ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠪᠥᠬᠦ | ᠬᠤᠰᠢᠭᠤᠨ ᠤ ᠮᠠᠯ ᠤᠨ ᠬᠤᠭᠤᠷᠣᠨᠳᠣᠬᠢ ᠲᠠᠷᠬᠠᠯᠲᠠ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ | ᠯᠠᠪᠳᠠᠭᠤᠨ ᠢᠶᠠᠷ ᠠᠬᠢᠭᠤᠯᠵᠤ᠂ ᠬᠢᠵᠢᠭ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠰᠠᠭᠠᠯᠢ ᠶᠢᠨ ᠦᠨᠢᠶᠡᠨ ᠤ | ᠰᠢᠨ᠎ᠡ ᠬᠡᠷᠦᠬᠦ ᠡᠪᠡᠳᠴᠢᠨ᠂ ᠰᠦᠷᠢᠶ᠎ᠡ ᠶᠢᠨ ᠪᠠᠺᠲ᠋ᠧᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠ ᠴᠡᠪᠡᠷᠰᠢᠭᠦᠯᠬᠦ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠳᠠᠬᠢ | ᠰᠠᠭᠠᠯᠢ ᠶᠢᠨ ᠦᠨᠢᠶ᠎ᠡ ᠶᠢᠨ ᠲᠠᠯᠠᠪᠠᠶ ᠶᠢᠨ ᠰᠦᠷᠦᠭᠵᠢᠯ ᠢ ᠴᠡᠪᠡᠷᠰᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ᠂ | ᠵᠦᠶ ᠵᠣᠬᠢᠰᠲᠠᠶ ᠲᠣᠭᠲᠠᠭᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠪᠠᠷ ᠨᠢᠭᠡᠴᠢ ᠪᠣᠯᠭᠠᠨ᠂ | ᠥᠯᠥ ᠬᠠᠯᠳᠠᠭᠠᠬᠤ᠂ ᠬᠢᠨᠠᠨ ᠬᠡᠮᠵᠢᠬᠦ᠂ ᠠᠯᠠᠬᠤ ᠵᠡᠷᠭᠡ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠤᠭᠰᠠᠨ | ᠰᠡᠷᠭᠡᠶᠢᠯᠡᠨ ᠵᠠᠰᠠᠬᠤ ᠪᠠ ᠴᠡᠪᠡᠷᠰᠢᠭᠦᠯᠬᠦ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠰᠡᠷᠭᠡᠶᠢᠯᠡᠨ ᠵᠠᠰᠠᠬᠤ ᠬᠠᠷᠠᠯᠲᠠ ᠪᠠ | ᠠᠵᠢᠯ ᠤᠨ ᠠᠬᠢᠴᠠ ᠶᠢ ᠲᠣᠳᠣᠷᠬᠠᠶᠢᠯᠠᠨ᠂ ᠰᠠᠭᠠᠯᠢ ᠶᠢᠨ ᠦᠨᠢᠶ᠎ᠡ ᠶᠢᠨ ︽ᠬᠤᠶᠠᠷ ᠡᠪᠡᠳᠴᠢᠨ︾ ᠢ ᠰᠡᠷᠭᠡᠶᠢᠯᠡᠨ | ᠵᠠᠰᠠᠬᠤ ᠪᠠ ᠴᠡᠪᠡᠷᠰᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠪᠠᠭ᠋ᠠᠯᠬᠠᠴᠢ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ | ᠶᠣᠰᠣᠭᠠᠷ᠂ ᠦᠬᠡᠷ᠂ ᠬᠤᠨᠢ ᠢᠮᠠᠭ᠎ᠠ ᠪᠠ ᠨᠣᠬᠠᠶ ᠶᠢᠨ ᠪᠠᠭᠯᠠᠭᠴᠢ ᠬᠤᠷᠣᠬᠠᠶ ᠶᠢᠨ ᠡᠪᠡᠳᠴᠢᠨ ᠢ ᠰᠢᠯᠵᠢᠭᠦᠯᠬᠦ᠂ | ᠬᠢᠨᠠᠨ ᠬᠡᠮᠵᠢᠬᠦ᠂ ᠬᠤᠷᠣᠬᠠᠶ ᠬᠥᠭᠡᠭᠡᠬᠦ ᠵᠡᠷᠭᠡ ᠠᠵᠢᠯ ᠢ ᠬᠢᠬᠦ ᠬᠡᠷᠡᠭᠲᠡᠶ᠃ ᠡᠷᠡᠭᠦᠯ ᠬᠠᠮᠠᠭᠠᠯᠠᠯ ᠤᠨ ᠰᠠᠯᠠᠭ᠎ᠠ | ᠮᠥᠴᠢᠷ ᠤᠨ ᠬᠠᠩᠭᠠᠭᠰᠠᠨ ᠬᠥᠮᠦᠨ ᠤ ᠶᠢᠷᠲᠢᠨᠴᠦ ᠶᠢᠨ ᠪᠠᠭᠯᠠᠭᠴᠢ ᠬᠤᠷᠣᠬᠠᠶᠢᠲᠤ ᠡᠪᠡᠳᠴᠢᠨ ᠤ ᠪᠠᠶᠢᠳᠠᠯ ᠢ | ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠡᠬᠢ ᠡᠭᠦᠰᠦᠯ ᠢ ᠨᠢ ᠡᠷᠢᠬᠦ ᠪᠠᠶᠢᠴᠠᠭᠠᠯᠲᠠ ᠬᠢᠵᠦ᠂ ᠲᠣᠰ ᠭᠠᠵᠠᠷ | ᠣᠷᠣᠨ ᠤ ᠮᠠᠯ ᠤᠨ ᠬᠤᠭᠤᠷᠣᠨᠳᠣᠬᠢ ᠪᠠᠭᠯᠠᠭᠴᠢ ᠬᠤᠷᠣᠬᠠᠶᠢᠲᠤ ᠡᠪᠡᠳᠴᠢᠨ ᠤ ᠬᠠᠯᠳᠠᠪᠤᠷᠢᠯᠠᠬᠤ ᠪᠠ ᠳᠡᠯᠭᠡᠷᠡᠵᠦ | ᠪᠠᠶᠢᠭ᠎ᠠ ᠪᠠᠶᠢᠳᠠᠯ ᠢ ᠪᠠᠶᠢᠴᠠᠭᠠᠨ ᠳᠣᠲᠣᠯᠠᠵᠤ᠂ ᠰᠡᠷᠭᠡᠶᠢᠯᠡᠨ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ | ᠦᠨᠳᠦᠰᠦᠯᠡᠯ ᠬᠠᠩᠭᠠᠬᠤ ᠬᠡᠷᠡᠭᠲᠡᠶ᠃ | ︵ᠵᠢᠷᠭᠤᠭ᠎ᠠ︶ ᠭᠠᠳᠠᠨ᠎ᠠ ᠠᠴᠠ ᠢᠷᠡᠭᠰᠡᠨ ᠠᠮᠢᠳᠠᠨ ᠤ ᠬᠢᠵᠢᠭ ᠡᠪᠡᠳᠴᠢᠨ ᠢ ᠨᠢᠭᠲᠠ ᠠᠩᠬᠠᠷᠬᠤ ᠬᠡᠷᠡᠭᠲᠡᠶ | ᠡᠷᠬᠢᠨ ᠲᠣᠭᠤᠷᠢᠨ ᠤ ᠬᠤᠰᠢᠭᠤ ᠰᠢᠶᠠᠨ ᠯᠤᠭ᠎ᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ | ᠴᠢᠩᠭᠠᠳᠬᠠᠵᠤ᠂ ᠬᠢᠯᠢ ᠶᠢᠨ ᠭᠠᠳᠠᠨ᠎ᠠ ᠳᠡᠯᠭᠡᠷᠡᠵᠦ ᠪᠠᠶᠢᠭ᠎ᠠ᠂ ᠮᠠᠨ ᠤ ᠬᠤᠰᠢᠭᠤᠨ ᠳᠤ ᠬᠠᠷᠠᠬᠠᠨ | ᠤᠯᠠᠮᠵᠢᠯᠠᠭᠳᠠᠭᠠᠳᠤᠶ ᠠᠮᠢᠲᠠᠨ ᠤ ᠬᠢᠵᠢᠭ ᠡᠪᠡᠳᠴᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ | ᠭᠤᠣᠯᠳᠠᠯᠭ᠎ᠠ ᠲᠠᠢ ᠭᠠᠵᠠᠷ ᠣᠷᠣᠨ ᠤ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ | ᠭᠠᠳᠠᠨ᠎ᠠ ᠠᠴᠠ ᠢᠷᠡᠭᠰᠡᠨ ᠭᠤᠣᠯᠳᠠᠯᠭ᠎ᠠ ᠲᠠᠢ ᠠᠮᠢᠲᠠᠨ ᠤ ᠬᠢᠵᠢᠭ ᠡᠪᠡᠳᠴᠢᠨ ᠢ | ︵ᠲᠤᠯᠤᠭ᠎ᠠ︶ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠨᠢᠲᠤᠯᠬᠤ᠂ ᠭᠦᠢᠯᠭᠡᠭᠡᠬᠦ ᠵᠡᠷᠭᠡ | ᠵᠠᠩᠭᠢᠯᠠᠭ᠎ᠠ ᠶᠢᠨ ᠬᠢᠵᠢᠭ ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠨᠢᠲᠤᠯᠬᠤ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢᠨ ᠲᠡᠮᠳᠡᠭᠯᠡᠯ | ᠲᠣᠭᠲᠠᠭᠠᠬᠤ ᠵᠡᠷᠭᠡ ᠨᠡᠬᠡᠮᠵᠢᠯᠡᠵᠦ ᠪᠣᠯᠬᠤᠶᠢᠴᠠ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠮᠠᠯ ᠵᠢᠭᠦᠷᠲᠡᠨ ᠢ ᠨᠢᠲᠤᠯᠬᠤ ᠶᠢ ᠬᠢᠨᠠᠨ ᠬᠠᠮᠢᠶᠠᠷᠬᠤ ᠲᠥᠷᠢᠮ᠂ ᠠᠮᠢᠳᠠᠨ ᠤᠢᠯᠭᠠᠬᠤ | ᠲᠡᠮᠳᠡᠭ ᠤᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠢᠳᠠᠨ ᠤ ᠬᠢᠵᠢᠭ ᠢ ᠰᠡᠷᠭᠡᠶᠢᠯᠡᠬᠦ ᠪᠠ ᠮᠠᠯ ᠣᠨ | ᠠᠰᠢᠭ ᠰᠢᠮ᠎ᠡ ᠶᠢᠨ ᠠᠷᠢᠭᠤᠨ ᠴᠡᠪᠡᠷ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠭᠠᠷᠤᠯᠲᠠ ᠶᠢᠨ ᠣᠷᠣᠨ ᠤ | ᠬᠢᠵᠢᠭ ᠤᠨ ᠪᠠᠶᠢᠴᠠᠭᠠᠯᠲᠠ ᠪᠠ ᠠᠯᠠᠵᠤ ᠨᠢᠲᠤᠯᠬᠤ ᠶᠢᠨ ᠬᠢᠵᠢᠭ ᠤᠨ ᠪᠠᠶᠢᠴᠠᠭᠠᠯᠲᠠ ᠶᠢ ᠴᠢᠩᠳᠠᠯᠠᠵᠤ᠂ ᠬᠢᠵᠢᠭ ᠤᠨ | ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ᠂ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠬᠤ᠂ ᠠᠷᠢᠭᠤᠳᠬᠠᠬᠤ᠂ | ᠬᠦᠷᠦᠭᠰᠡᠨ ᠭᠠᠵᠠᠷ ᠲᠤᠨᠢ ᠮᠡᠳᠡᠭᠦᠯᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠬᠤ | ᠬᠡᠷᠡᠭᠲᠡᠶ᠃ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠬᠢᠵᠢᠭ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠴᠢᠩᠭ᠎ᠠ ᠬᠢᠨᠠᠨ ᠪᠠᠶᠢᠴᠠᠭᠠᠵᠤ᠂ ᠲᠡᠵᠢᠭᠡᠨ | ᠦᠷᠡᠵᠢᠭᠦᠯᠬᠦ ᠲᠠᠯᠠᠪᠠᠶ ᠡᠷᠦᠬᠡ ᠶᠢ ᠵᠢᠯᠣᠭᠤᠳᠤᠨ ᠠᠮᠢᠳᠤ ᠪᠣᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠳᠠᠯᠳᠠ ᠬᠡᠮ ᠢ ᠠᠷᠢᠯᠭᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ | ᠨᠥᠬᠦᠴᠡᠯ ᠳᠤ ᠨᠡᠶᠢᠴᠡᠬᠦ ᠥᠬᠡᠶ᠂ ᠤᠯᠤᠰ ᠤᠨ ᠠᠯᠪᠠᠳᠠᠯᠭ᠎ᠠ ᠪᠠᠷ ᠡᠭᠡᠯᠢᠯᠡᠭᠡ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠥᠬᠡᠶ᠂ ᠬᠢᠵᠢᠭ ᠤᠨ ᠪᠠᠶᠢᠴᠠᠭᠠᠯᠲᠠ ᠠᠴᠠ ᠵᠠᠶᠢᠯᠠᠬᠤ ᠪᠤᠶᠤ ᠡᠰᠡᠷᠭᠦᠴᠡᠬᠦ ᠵᠢᠴᠢ ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠰᠢᠶ᠋ᠳᠪᠦᠷᠢᠯᠡᠬᠦ ᠬᠡᠷᠡᠭᠲᠡᠶ᠃ | ︵ᠨᠠᠢᠮᠠ︶ ᠬᠥᠮᠦᠰ ᠢ ᠰᠡᠷᠭᠡᠶᠢᠯᠡᠨ ᠬᠠᠮᠠᠭᠠᠯᠠᠬᠤ ᠪᠠ ᠠᠷᠢᠭᠤᠳᠬᠠᠵᠤ ᠡᠬᠢ ᠰᠤᠷᠪᠤᠯᠵᠢ ᠶᠢ ᠨᠢ | ᠤᠰᠠᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ | ᠬᠠᠮᠠᠭᠠᠯᠠᠯᠲᠠ ᠶᠢᠨ ᠬᠤᠪᠴᠠᠰᠤ᠂ ᠠᠮᠠᠪᠴᠢ᠂ ᠪᠡᠭᠡᠯᠡᠶ᠂ ᠨᠢᠳᠦ ᠬᠠᠮᠠᠭᠠᠯᠠᠬᠤ ᠰᠢᠯ᠂ ᠠᠷᠢᠭᠤᠳᠬᠠᠬᠤ ᠡᠮ ᠵᠡᠷᠭᠡ ᠡᠳ᠋ | ᠪᠠᠷᠠᠭ᠎ᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠳᠠᠯᠳᠤᠨ ᠠᠪᠴᠤ᠂ ᠬᠢᠵᠢᠭ ᠢ ᠰᠡᠷᠭᠡᠶᠢᠯᠡᠬᠦ ᠬᠥᠮᠦᠰ ᠤᠨ | ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ | ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠰᠡᠷᠭᠡᠶᠢᠯᠡᠬᠦ ᠬᠥᠮᠦᠰ ᠤᠨ | ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠵᠢᠷᠤᠮᠵᠢᠭᠤᠯᠤᠨ ᠬᠡᠷᠡᠭᠯᠡᠵᠦ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ | ᠬᠢᠬᠦ ᠶᠢ ᠪᠣᠯᠪᠠᠰᠤᠷᠠᠭᠤᠯᠤᠨ ᠵᠢᠯᠣᠭᠤᠳᠴᠤ᠂ ᠠᠮᠢᠲᠠᠨ ᠤ ᠬᠢᠵᠢᠭ ᠢ ᠰᠡᠷᠭᠡᠶᠢᠯᠡᠬᠦ ᠬᠥᠮᠦᠰ ᠤᠨ ᠡᠷᠡᠭᠦᠯ ᠮᠡᠨᠳᠦ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠨᠠᠮᠤᠷ ᠤᠨ ᠤᠯᠠᠷᠢᠯ ᠤᠨ ᠲᠥᠪᠯᠡᠷᠡᠭᠦᠯᠦᠨ | ᠡᠭᠡᠯᠢᠯᠡᠬᠦ ᠠᠵᠢᠯ ᠲᠠᠢ ᠤᠶᠠᠯᠳᠤᠭᠤᠯᠤᠨ᠂ ᠠᠷᠢᠭᠤᠳᠬᠠᠵᠤ ᠡᠬᠢ ᠶᠢ ᠤᠰᠠᠳᠬᠠᠬᠤ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ᠠᠷᠢᠭᠤᠳᠬᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ 2022 ᠣᠨ ᠤ ᠬᠠᠪᠤᠷ ᠤᠨ ᠤᠯᠠᠷᠢᠯ ᠤᠨ | ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠲᠥᠪᠯᠡᠷᠡᠭᠦᠯᠦᠨ ᠠᠷᠢᠭᠤᠳᠬᠠᠵᠤ ᠡᠬᠢ ᠶᠢ ᠤᠰᠠᠳᠬᠠᠬᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ | ᠵᠦᠶ᠋ᠯ ᠤᠨ ᠠᠮᠢᠳᠤ ᠪᠣᠳᠠᠰ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ | ᠨᠠᠶᠢᠳᠠᠪᠤᠷᠢᠵᠢᠭᠤᠯᠤᠨ᠎ᠠ᠃ | ︵ᠶᠢᠰᠦ︶ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ | ᠢᠯᠡ ᠴᠠᠭᠠᠰᠤ᠂ ᠡᠯᠭᠦᠭᠡ ᠵᠢᠷᠤᠭ᠂ ᠰᠦᠯᠵᠢᠶ᠎ᠡ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢ ᠳᠠᠷᠤᠮᠠᠯᠯᠠᠨ | ᠲᠠᠷᠬᠠᠭᠠᠬᠤ ᠪᠠᠷ ᠳᠠᠮᠵᠢᠭᠤᠯᠤᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ | ᠭᠠᠭ᠋ᠠᠶ ᠲᠡᠵᠢᠭᠡᠬᠦ ᠲᠠᠯᠠᠪᠠᠶ ︵ᠡᠷᠦᠬᠡ︶ ᠶᠢ ᠵᠢᠯᠣᠭᠤᠳᠤᠨ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠦᠯᠦ | ᠬᠠᠯᠳᠠᠭᠠᠬᠤ ᠨᠢᠭᠲᠠᠴᠠ ᠪᠠ ᠶᠠᠰᠤ ᠴᠢᠨᠠᠷ ᠢ ᠪᠠᠲᠤᠯᠠᠭᠰᠠᠨ ᠦᠭᠡᠢ᠂ ᠬᠢᠵᠢᠭ ᠤᠨ ᠪᠠᠶᠢᠴᠠᠭᠠᠯᠲᠠ ᠶᠢᠨ ᠬᠢᠨᠠᠯᠲᠠ | ᠬᠠᠮᠢᠶᠠᠷᠤᠯᠲᠠ ᠪᠠᠷᠢᠮᠵᠢᠶ᠎ᠠ ᠳᠤ ᠬᠦᠷᠦᠭᠰᠡᠨ ᠦᠭᠡᠢ᠂ ᠵᠢᠴᠢ ᠬᠢᠵᠢᠭ ᠤᠨ ᠪᠠᠶᠢᠳᠠᠯ ᠢ ᠮᠡᠳᠡᠭᠦᠯᠵᠦ ᠬᠠᠮᠢᠶᠠᠷᠬᠤ ᠪᠠ | ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠡᠵᠡᠩᠨᠡᠬᠦ᠂ | ᠨᠢᠲᠤᠯᠬᠤ᠂ ᠲᠡᠭᠡᠭᠡᠪᠦᠷᠢᠯᠡᠬᠦ ᠵᠡᠷᠭᠡ ᠭᠤᠣᠯᠳᠠᠯᠭ᠎ᠠ ᠲᠠᠢ ᠬᠥᠮᠦᠰ ᠤᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ | ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠵᠦ | ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ | ᠭᠤᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠭᠠᠵᠠᠷ ᠤᠨ ᠬᠢᠨ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠱᠠᠲᠤ | ᠬᠤᠪᠢᠶᠠᠨ ᠬᠠᠮᠢᠶᠠᠷᠬᠤ᠂ ᠱᠠᠲᠤ ᠳᠠᠷᠠᠭᠠᠯᠠᠨ ᠬᠠᠷᠢᠭᠤᠴᠠᠬᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠲᠣᠭᠲᠠᠴᠠ ᠶᠢ | ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠡᠭᠡᠯᠢᠯᠡᠭᠡ ᠶᠢᠨ ᠨᠢᠭᠲᠠᠴᠠ ᠶᠢ ᠪᠠᠲᠤᠯᠠᠬᠤ᠂ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ ᠤᠨ ᠡᠭᠡᠯᠢᠯᠡᠭᠡ ᠶᠢᠨ ᠶᠠᠰᠤ ᠴᠢᠨᠠᠷ ᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ | ᠬᠢᠵᠢᠭ ᠢ ᠰᠡᠷᠭᠡᠶᠢᠯᠡᠬᠦ ᠵᠠᠷᠤᠳᠠᠯ ᠤᠨ ᠣᠷᠣᠭᠤᠯᠤᠯᠲᠠ ᠪᠠ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ | ᠦᠨᠳᠦᠰᠦᠨ ᠱᠠᠲᠤᠨ ᠤ ᠪᠠᠶᠢᠭᠤᠯᠤᠮᠵᠢ ᠡᠩᠨᠡᠭᠡ ᠶᠢᠨ ᠪᠠᠶᠢᠭᠤᠯᠤᠯᠲᠠ ᠶᠢ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ | ᠡᠳ᠋ ᠪᠠᠷᠠᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ᠂ ᠵᠠᠮ | ᠬᠠᠷᠢᠯᠴᠠᠭ᠎ᠠ᠂ ᠣᠶ ᠰᠢᠭᠤᠶ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ᠃ ᠠᠮᠢᠳᠠᠨ ᠤ ᠬᠢᠵᠢᠭ ᠢ ᠰᠡᠷᠭᠡᠶᠢᠯᠡᠬᠦ ᠵᠠᠷᠤᠳᠠᠯ ᠤᠨ | ᠣᠷᠣᠭᠤᠯᠤᠯᠲᠠ ᠶᠢᠨ ᠲᠣᠭᠲᠠᠭᠤᠨ ᠲᠣᠭᠲᠠᠴᠠ ᠶᠢ ᠪᠠᠶᠢᠭᠤᠯᠵᠤ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ ᠤᠳ ᠡᠭᠦᠷᠭᠡ ᠶᠢᠨ ᠬᠡᠮᠵᠢᠶ᠎ᠡ ᠪᠠᠨ ᠦᠨᠳᠦᠰᠦᠯᠡᠨ ᠵᠠᠷᠤᠳᠠᠯ ᠤᠨ ᠲᠥᠯᠥᠪᠯᠡᠭᠡ ᠪᠠᠨ | ᠡᠷᠲᠡᠬᠡᠨ ᠲᠤᠰᠢᠶᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠥᠰᠦᠪ ᠤᠨ ᠵᠠᠷᠤᠳᠠᠯ ᠢ ᠴᠠᠭ ᠲᠤᠬᠠᠶ | ᠳᠤᠨᠢ ᠲᠣᠬᠢᠷᠠᠭᠤᠯᠬᠤ ᠬᠡᠷᠡᠭᠲᠡᠶ᠃ | ︵ᠭᠤᠷᠪᠠ︶ ᠮᠡᠷᠭᠡᠵᠢᠯ ᠤᠨ ᠪᠠᠲᠤᠯᠠᠭ᠎ᠠ᠃ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠲᠤᠷᠰᠢᠯᠲᠠ ᠶᠢᠨ ᠲᠠᠰᠤᠭ ᠤᠨ ᠪᠡᠯᠡᠳᠬᠡᠮᠵᠢ ᠲᠥᠬᠦᠭᠡᠷᠦᠮᠵᠢ ᠬᠤᠳᠠᠯᠳᠤᠨ | ᠠᠪᠬᠤ᠂ ᠰᠢᠨᠡᠳᠬᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠤᠷᠰᠢᠯᠲᠠ ᠶᠢᠨ ᠲᠠᠰᠤᠭ ᠤᠨ | ᠠᠵᠢᠯᠲᠠᠨ ᠤ ᠡᠩᠨᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠣᠨᠣᠪᠴᠢᠲᠠᠶ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ | ᠲᠦᠪᠰᠢᠨ ᠢ ᠪᠠᠳᠣᠯᠠᠨ᠎ᠠ᠃ | ᠳᠥᠷᠪᠡ᠂ ᠰᠢᠯᠭᠠᠨ ᠬᠢᠨᠠᠵᠤ ᠦᠨᠡᠯᠡᠨ ᠵᠢᠱᠢᠬᠦ | ᠬᠠᠪᠤᠷ ᠤᠨ ᠰᠡᠷᠭᠡᠶᠢᠯᠡᠯᠲᠡ ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠨᠠᠷᠢᠨ ᠬᠢᠨᠠᠮᠠᠭᠠᠶ ᠳ᠋ᠦᠩᠨᠡᠵᠦ | ᠂ ᠲᠤᠰᠬᠠᠶ ᠰᠡᠳᠦᠪᠲᠦ ᠮᠡᠳᠡᠭᠦᠯᠦᠯᠲᠡ ᠬᠢᠬᠦ ᠬᠡᠷᠡᠭᠲᠡᠶ᠃ ᠬᠤᠰᠢᠭᠤᠨ ᠵᠠᠰᠠᠭ ᠤᠨ ᠣᠷᠳᠣᠨ ᠠᠴᠠ ᠬᠤᠰᠢᠭᠤᠨ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠠᠯ ᠠᠵᠤ ᠠᠬᠤᠶ ᠮᠠᠯ | ᠡᠮᠨᠡᠯᠭᠡ ᠶᠢᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠥᠬᠦᠶ ᠨᠢᠭᠡᠴᠡ ᠶᠢ ᠰᠣᠩᠭᠤᠨ | ᠪᠠᠶᠢᠭᠤᠯᠵᠤ ᠪᠠᠶᠢᠴᠠᠭᠠᠨ ᠰᠢᠯᠭᠠᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠬᠦᠴᠦᠲᠡᠶ ᠬᠢᠭᠰᠡᠨ ᠥᠬᠡᠶ᠂ | ᠡᠭᠦᠷᠭᠡ ᠪᠠᠨ ᠨᠡᠯᠢᠶᠡᠳ ᠠᠨᠠᠶ ᠪᠡᠶᠡᠯᠡᠭᠦᠯᠦᠭᠰᠡᠨ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢ ᠵᠠᠷᠯᠠᠨ | ᠰᠢᠭᠦᠮᠵᠢᠯᠡᠵᠦ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠬᠠᠤᠯᠢ ᠶᠣᠰᠣᠭᠠᠷ ᠬᠠᠮᠢᠶ᠎ᠠ ᠪᠥᠬᠦᠶ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | | ᠬᠠᠭᠤᠯᠤᠨ ᠬᠦᠷᠭᠡᠬᠦ᠄ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ | 2023 ᠣᠨ ᠤ 3 ᠰᠠᠷ᠎ᠠ ᠶᠢᠨ 1 ᠤ ᠡᠳᠣᠷ | | |