ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠦᠷᠢᠵᠢᠭᠤᠯᠤᠶ᠎ᠠ          — ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠰᠭᠢ ᠪᠠᠯᠭᠠᠰᠤᠨ ᠤ  ᠪᠠᠯᠭᠠᠰᠦᠨ ᠳᠠᠷᠤᠭ᠎ᠠ  ᠯᠢᠦ ᠱᠤ᠋ ᠹᠧᠩ ᠢ ᠲᠤᠰᠬᠠᠶ ᠰᠤᠷᠪᠤᠯᠵᠢᠯᠠᠭᠰᠠ᠊
ᠨᠡᠶᠢᠲᠡᠯᠡᠭᠰᠡᠨ ᠴᠠᠭ᠄
2023/4/13
       

    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠲᠤᠭ ᠲᠡᠮᠳᠡᠭ ᠲᠣᠳᠣᠷᠬᠠᠶ ᠪᠠᠶᠢᠵᠤ᠂ ᠰᠡᠳᠬᠢᠯ

ᠰᠠᠨᠠᠭ᠎ᠠ ᠪᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠵᠠᠭᠤᠨ ᠵᠢᠯ ᠤᠨ ᠨᠠᠮ ᠤᠨ ᠪᠠᠲᠤ ᠬᠦᠴᠦᠨ ᠰᠥᠰᠥ

ᠵᠣᠷᠢᠭ ᠪᠠ ᠶᠡᠭᠡ ᠤᠯᠤᠰ ᠤᠨ ᠰᠡᠷᠭᠦᠨ ᠮᠠᠨᠳᠤᠯᠲᠠ ᠶᠢᠨ ᠢᠳᠡ ᠬᠦᠴᠦᠨ ᠪᠠ ᠰᠥᠰᠥ ᠵᠣᠷᠢᠭ ᠢ ᠭᠦᠢᠴᠡᠳ

ᠢᠯᠡᠷᠡᠭᠦᠯᠵᠦ᠂ ᠲᠡᠰᠭᠢ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ

ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠳᠥᠷᠪᠡᠨ ᠶᠡᠭᠡ ᠪᠠᠶᠢᠯᠳᠤᠬᠤ ᠪᠣᠳᠣᠯᠭ᠎ᠠ ᠶᠢ ᠪᠥᠬᠦ

ᠬᠦᠴᠦᠨ ᠢᠶᠠᠷ ᠢᠶᠠᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ

ᠬᠥᠲᠥᠯᠦᠨ ᠳᠠᠭᠠᠭᠤᠯᠬᠤ ᠣᠷᠣᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ

ᠣᠷᠣᠨ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠭᠤᠤᠯᠯᠠᠭᠴᠢ ᠣᠷᠣᠨ ᠢ ᠬᠦᠴᠦᠯᠡᠨ ᠪᠠᠶᠢᠭᠤᠯᠵᠤ

᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠠᠷᠳᠠᠴᠠ ᠪᠣᠯᠭᠠᠨ᠂ ᠳᠥᠷᠪᠡᠨ ᠶᠡᠭᠡ ᠠᠵᠢᠯᠯᠠᠭ᠎ᠠ ᠶᠢ

ᠬᠦᠴᠦᠯᠡᠨ ᠥᠷᠨᠢᠭᠦᠯᠦᠨ᠎ᠡ᠃

     ᠲᠠᠷᠢᠶᠠᠯᠠᠩ ᠮᠠᠯ ᠠᠵᠤ ᠠᠬᠤᠶ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠮᠤ ᠪᠤᠳᠠᠭᠠᠨ ᠤ ᠠᠮᠤᠷ

ᠲᠦᠪᠰᠢᠨ ᠤ ᠤᠯᠤᠰ ᠲᠥᠷᠥ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠪᠣᠬᠢᠷᠲᠤᠯ ᠥᠬᠡᠶ

ᠲᠠᠷᠢᠶᠠᠯᠠᠩ ᠤᠨ ᠤᠰᠤ ᠠᠷᠪᠢᠯᠠᠬᠤ ᠲᠠᠷᠢᠶᠠᠯᠠᠩ ᠢ ᠢᠳᠡᠪᠬᠢᠲᠡᠶ ᠬᠥᠭᠵᠢᠭᠦᠯᠵᠦ᠂ ᠪᠤᠭᠤᠳᠠᠢ ᠨᠣᠭᠤᠭ᠎ᠠ ᠲᠥᠮᠥᠰᠥ ᠪᠠ

ᠠᠯᠠᠰᠢᠨ ᠦᠬᠡᠷ᠂ ᠠᠯᠠᠰᠢᠨ ᠬᠤᠨᠢ ᠲᠠᠪᠤᠨ ᠶᠡᠭᠡ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠠᠭᠤᠯᠤᠭᠳᠠᠴᠠ ᠶᠢ ᠳᠡᠭᠡᠭᠰᠢᠯᠡᠭᠦᠯᠦᠨ᠂ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠮᠠᠯ ᠠᠵᠤ ᠠᠬᠤᠶ ᠶᠢ ᠪᠣᠶ

ᠪᠣᠯᠭᠠᠵᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠤᠨ᠂ ᠬᠡᠪᠴᠢᠶᠡᠵᠢᠭᠦᠯᠦᠭᠰᠡᠨ

ᠡᠷᠴᠢᠮᠵᠢᠭᠦᠯᠦᠭᠰᠡᠨ ᠳᠠᠷᠢᠵᠤ ᠲᠡᠵᠢᠭᠡᠵᠦ ᠡᠳ᠋ᠰᠢᠭᠦᠯᠬᠦ ᠠᠵᠤ ᠦᠢᠯᠡᠰ ᠢ ᠬᠥᠭᠵᠢᠭᠦᠯᠵᠦ᠂ ᠬᠤᠳᠠᠯᠳᠤᠭᠠᠴᠢᠨ ᠤᠷᠢᠵᠤ

ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃

    ᠬᠦᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠣᠷᠣᠰᠢᠨ

ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ

ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠦᠷᠦᠯ ᠤᠨ ᠤᠰᠤ᠂ ᠴᠠᠬᠢᠯᠭᠠᠨ᠂ ᠵᠠᠮ

᠂ ᠮᠡᠳᠡᠭᠡ ᠵᠠᠩᠭᠢ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠢ ᠹᠠ ᠴᠢᠤᠸᠠᠨ ᠲᠣᠰᠬᠤᠨ ᠤ ᠪᠦᠬᠦ ᠡᠳᠦᠷ ᠤᠨ

ᠤᠰᠤ ᠬᠠᠩᠭᠠᠬᠤ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ

ᠲᠣᠭᠤᠷᠢᠨ ᠤ ᠵᠠᠰᠠᠯᠲᠠ ᠶᠢ ᠰᠠᠶᠢᠲᠤᠷ ᠠᠳᠬᠤᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ

ᠡᠷᠬᠢᠯᠡᠬᠦ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ

ᠪᠣᠯᠪᠠᠰᠤᠨ ᠤ ᠦᠢᠯᠡᠳᠦᠯᠭᠡ ᠶᠢᠨ ᠦᠷᠲᠡᠭᠡ ᠭᠠᠵᠠᠷ ᠢ ᠰᠠᠶᠢᠲᠤᠷ ᠠᠰᠢᠭᠯᠠᠵᠤ᠂ ︽ᠨᠠᠢᠮᠠ ᠶᠢ ᠳᠠᠭᠠᠭᠠᠴᠢᠯᠠᠵᠤ

ᠨᠠᠢᠮᠠ ᠳᠤ ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃

    ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠰᠬᠠᠢ ᠠᠵᠢᠯᠯᠠᠭ᠎ᠠ ᠶᠢ

ᠥᠷᠨᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠡᠮ

ᠡᠮᠨᠡᠯᠭᠡ ᠣᠷᠣᠨ ᠰᠠᠭᠤᠴᠠ ᠪᠠ ᠤᠤᠭᠤᠬᠤ ᠤᠰᠤᠨ ᠤ ᠠᠮᠤᠷ ᠲᠦᠪᠰᠢᠨ ᠤ ᠭᠤᠷᠪᠠᠨ ᠠᠶᠤᠯ ᠲᠦᠭᠰᠢᠭᠦᠷᠢ ᠶᠢᠨ

ᠴᠡᠭ ᠢ ᠴᠢᠩᠭ᠎ᠠ ᠠᠩᠬᠠᠷᠴᠤ᠂ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠬᠤᠶᠠᠷ ᠭᠤᠭᠴᠤᠭ᠎ᠠ ᠶᠢ ᠴᠢᠩᠭ᠎ᠠ

ᠠᠳᠬᠤᠵᠤ᠂ ᠠᠵᠤ ᠦᠢᠯᠡᠰ ᠪᠠ ᠠᠵᠢᠯ ᠣᠯᠭᠤᠯᠲᠠ ᠬᠤᠶᠠᠷ ᠵᠠᠩᠭᠢᠯᠠᠭ᠎ᠠ ᠶᠢ ᠠᠳᠬᠤᠵᠤ᠂ ᠲᠣᠰᠬᠤᠨ ᠤ

ᠬᠠᠮᠲᠤ ᠶᠢᠨ ᠠᠵᠤ ᠠᠬᠤᠢ ᠪᠠ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠤᠶᠠᠷ

ᠰᠠᠭᠤᠷᠢ ᠶᠢ ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠰᠠᠶᠢᠲᠤᠷ

ᠪᠠᠬᠢᠵᠢᠭᠦᠯᠦᠨ᠎ᠡ᠃

    ᠨᠠᠮ ᠤᠨ ᠪᠠᠶᠢᠭᠤᠯᠤᠯᠲᠠ ᠶᠢᠨ ᠴᠢᠳᠠᠪᠤᠷᠢ ᠣᠯᠭᠤᠬᠤ ᠠᠵᠢᠯᠯᠠᠭ᠎ᠠ ᠶᠢ ᠥᠷᠨᠢᠭᠦᠯᠵᠦ᠂ ᠴᠢᠨᠠᠷ ᠰᠠᠶᠢᠲᠠᠢ

ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠨᠡᠭᠦᠳᠡᠯ ᠭᠠᠳᠠᠭᠰᠢ ᠭᠠᠷᠬᠤ ᠨᠠᠮ ᠤᠨ ᠡᠭᠦᠷ ᠢ ᠪᠡᠯᠡᠳᠬᠡᠨ

ᠪᠠᠶᠢᠭᠤᠯᠵᠤ᠂ ᠲᠣᠰᠬᠤᠨ ᠳᠤ ᠪᠠᠶᠢᠭ᠎ᠠ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠡᠩ ᠤᠨ

ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠢᠯᠡᠷᠡᠭᠦᠯᠬᠦ᠂ ᠲᠤᠰᠢᠶᠠᠯ ᠦᠭᠡᠢ ᠨᠠᠮ ᠤᠨ ᠭᠡᠰᠢᠭᠦᠨ ᠳᠤ ᠠᠵᠢᠯ ᠤᠨ

ᠪᠠᠶᠢᠷᠢ ᠲᠤᠬᠢᠷᠠᠭᠤᠯᠤᠨ ᠬᠠᠷᠢᠭᠤᠴᠠᠯᠭ᠎ᠠ ᠲᠣᠭᠲᠠᠭᠠᠬᠤ᠂ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ

ᠲᠦᠷᠢᠮ ᠤᠨ ᠬᠠᠮᠢᠶᠠᠷᠤᠯᠲᠠ᠂ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠬᠢᠬᠦ ᠵᠡᠷᠭᠡ ᠠᠵᠢᠯᠯᠠᠭ᠎ᠠ ᠶᠢ

ᠬᠡᠷᠡᠭᠵᠢᠭᠦᠯᠵᠦ᠂ ᠨᠠᠮ ᠤᠨ ᠭᠡᠰᠢᠭᠦᠨ ᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃

     ᠪᠢᠳᠡ ᠪᠥᠬᠦ ᠪᠠᠯᠭᠠᠰᠤᠨ ᠤ ᠬᠦᠴᠦᠨ ᠲᠠᠢ ᠪᠦᠯᠬᠦᠮᠳᠡᠵᠦ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂

ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ

ᠳᠣᠭᠢᠷᠠᠭᠤᠯᠤᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠪᠡᠶᠡᠯᠡᠭᠦᠯᠵᠦ᠂ ᠪᠥᠬᠦ ᠪᠠᠯᠭᠠᠰᠤᠨ ᠤ ᠠᠵᠢᠯ ᠢ ᠰᠢᠨ᠎ᠡ

ᠳᠡᠭᠲᠡᠷ ᠲᠤ ᠭᠠᠷᠭᠠᠨ᠎ᠠ᠃

   

        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠭᠧ ᠲᠣᠸᠠᠨ ᠯᠢᠶᠡᠨ

     

 

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号