ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠰᠠᠷ᠎ᠠ ᠪᠠᠷ ᠣᠯᠭᠤᠬᠤ ᠠᠵᠢᠯ ᠢ ᠰᠠᠶᠢᠲᠤᠷ ᠬᠢᠪᠠ
ᠨᠡᠶᠢᠲᠡᠯᠡᠭᠰᠡᠨ ᠴᠠᠭ᠄
2023/4/20
      ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︿ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠥᠪᠥᠷ ᠡᠳ᠋ ᠤᠨ ᠵᠠᠰᠠᠭ ᠤᠨ ᠬᠤᠷᠢᠶ᠎ᠠ ﹇2022﹈ 1109 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠡᠷᠡᠰ ᠰᠢᠭᠤᠷᠬᠠᠶ ᠪᠠᠷ ᠰᠢᠨ᠎ᠡ ᠶᠢ ᠡᠭᠦᠳᠴᠦ᠂ ᠵᠠᠮ ᠨᠡᠭᠡᠭᠡᠨ ᠤᠷᠤᠭᠰᠢᠯᠠᠵᠤ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠪᠠᠨ ᠢᠳᠡᠪᠬᠢᠲᠡᠶ ᠪᠠᠷ ᠲᠣᠬᠢᠷᠠᠭᠤᠯᠵᠤ᠂ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠨᠥᠬᠦᠪᠥᠷᠢ ᠥᠭᠬᠦ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠨᠥᠬᠦᠪᠥᠷᠢ ᠥᠭᠬᠦ ᠪᠡᠯᠡ ᠮᠥᠩᠭᠦ ᠶᠢ ᠴᠠᠭ ᠲᠤᠬᠠᠶ ᠲᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠲᠣᠪᠴᠢᠶ᠎ᠠ ᠱᠠᠭᠠᠷᠳᠠᠯᠭ᠎ᠠ ᠶᠣᠰᠣᠭᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ᠠᠵᠢᠯᠲᠠᠨ ᠤ ᠨᠠᠷᠢᠨ ᠲᠠᠩᠰᠠ ᠶᠢ ᠦᠨᠳᠦᠰᠦᠯᠡᠨ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠲᠣᠰ ᠰᠠᠷ᠎ᠠ ᠶᠢᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ︽ᠨᠢᠭᠡ ᠺᠠᠷᠲ ᠢᠶᠠᠷ ᠨᠡᠶᠢᠳᠡᠮ ᠭᠦᠢᠴᠡᠳᠭᠡᠬᠦ︾ ᠪᠠᠷ ᠳᠠᠮᠵᠢᠭᠤᠯᠤᠨ ᠨᠥᠬᠦᠪᠥᠷᠢ ᠭᠥᠷᠳᠡᠬᠦ ᠡᠲᠡᠭᠡᠳ ᠲᠤ ᠣᠯᠭᠤᠬᠤ ᠬᠡᠷᠡᠭᠲᠡᠶ᠃ 4 ᠰᠠᠷ᠎ᠠ ᠶᠢᠨ 7 ᠤ ᠡᠳᠦᠷ ᠨᠢᠭᠡᠨᠲᠡ 4 ᠰᠠᠷ᠎ᠠ ᠶᠢᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ 1281.04 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠠᠷᠤᠯᠭ᠎ᠠ ᠶᠢ ᠪᠠᠭᠲᠠᠭᠠᠭᠰᠠᠨ 4 ᠰᠠᠷ᠎ᠠ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠪᠠ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠪᠠ᠃                           ᠵᠣᠬᠢᠶᠠᠭᠴᠢ᠄ ᠳ᠋ᠢᠩ ᠶᠠᠨ                  ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号