ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ ᠵᠠᠩᠭᠢᠯᠠᠭ᠎ᠠ ᠶᠢᠨ ᠴᠠᠭ ᠦᠶ᠎ᠡ | ᠪᠣᠯᠤᠨ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠠᠷᠢᠶᠠᠯᠠᠩ ᠤᠨ ᠮᠠᠰᠢᠨ ᠪᠣᠷᠣᠯᠠᠭᠤᠯᠬᠤ | ᠬᠤᠳᠠᠯᠳᠤᠭᠠᠴᠢᠨ ᠤᠷᠢᠳᠴᠢᠯᠠᠨ ᠪᠠᠷᠠᠭ᠎ᠠ ᠪᠠᠨ ᠪᠡᠯᠡᠳᠬᠡᠵᠦ᠂ ᠡᠯ᠎ᠡ ᠵᠦᠢᠯ ᠤᠨ ᠲᠠᠷᠢᠶᠠᠯᠠᠩ ᠤᠨ ᠮᠠᠰᠢᠨ ᠤ | ᠪᠠᠷᠠᠭ᠎ᠠ ᠨᠢ ᠪᠦᠷᠢᠨ ᠭᠦᠢᠴᠡᠳ ᠪᠠᠶᠢᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠᠷ ᠢᠷᠡᠭᠰᠡᠨ | ᠲᠠᠷᠢᠶᠠᠴᠢᠳ ᠲᠠᠰᠤᠷᠠᠯᠲᠠ ᠥᠬᠡᠶ ᠣᠯᠠᠰᠢᠷᠠᠵᠤ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠨᠢᠭᠡ ᠵᠢᠯ ᠤᠨ | ᠪᠣᠷᠣᠯᠠᠭᠤᠯᠭ᠎ᠠ ᠶᠢᠨ ᠬᠥᠭᠵᠢᠯᠲᠡᠶ ᠤᠯᠠᠷᠢᠯ ᠢᠶᠠᠨ ᠤᠭᠲᠤᠨ ᠠᠪᠴᠢᠷᠠᠯ᠎ᠠ᠃ | | | | | ᠡᠯ᠎ᠡ ᠵᠦᠢᠯ ᠤᠨ ᠴᠣ ᠰᠢᠨ᠎ᠡ ᠲᠷᠠᠺᠲ᠋ᠣᠷ᠂ ᠦᠷ᠎ᠡ ᠰᠠᠴᠤᠬᠤ ᠮᠠᠰᠢᠨ ᠤᠳ ᠢ ᠲᠡᠷᠢ ᠲᠡᠭᠰᠢ ᠨᠢᠭᠡ ᠮᠦᠷ | ᠵᠢᠭᠰᠠᠭᠠᠨ ᠵᠤᠭᠰᠤᠭᠠᠵᠤ᠂ ᠬᠤᠳᠠᠯᠳᠤᠨ ᠠᠪᠤᠭᠴᠢᠳ ᠲᠠᠷᠢᠶᠠᠯᠠᠩ ᠤᠨ ᠮᠠᠰᠢᠨ ᠪᠠᠭᠠᠵᠢ ᠶᠢᠨ ᠴᠢᠳᠠᠮᠵᠢ᠂ ᠦᠨ᠎ᠡ | ᠬᠠᠩᠰᠢ ᠪᠠ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠠᠰᠠᠭᠤᠨ ᠯᠠᠪᠯᠠᠵᠤ᠂ ᠰᠠᠨᠠᠭᠠᠨ ᠳᠤᠨᠢ ᠳᠠᠭᠠᠷᠠᠭᠰᠠᠨ | ᠲᠠᠷᠢᠶᠠᠯᠠᠩ ᠤᠨ ᠮᠠᠰᠢᠨ ᠢᠶᠠᠨ ᠰᠢᠯᠢᠨ ᠰᠣᠩᠭᠤᠵᠤ ᠪᠠᠶᠢᠯ᠎ᠠ᠃ | | | | | ᠲᠠᠷᠢᠶᠠᠴᠢᠨ ᠡᠷᠦᠬᠡ ᠭᠦᠸᠧ ᠵᠢᠶ ᠶᠦᠩ ᠮᠠᠨ ᠳᠤ᠄ ︽ᠣᠲᠣ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠪᠠᠰᠠ ᠪᠣᠷᠣᠯᠠᠭᠤᠯᠭ᠎ᠠ ᠶᠢᠨ ᠲᠠᠷᠠᠭ᠎ᠠ ᠦᠢᠯᠡᠴᠢᠯᠡᠭᠡᠨ ᠤ ᠪᠠᠲᠤᠯᠠᠭ᠎ᠠ ᠲᠠᠢ᠂ ᠦᠨᠳᠦᠰᠦᠨ | ᠦᠢᠯᠡᠴᠢᠯᠡᠭᠡ ᠶᠢ ᠲᠠᠷᠢᠶᠠᠨ ᠭᠠᠵᠠᠷ ᠲᠤ ᠬᠦᠷᠲᠡᠯ᠎ᠡ ᠬᠢᠵᠦ ᠪᠠᠶᠢᠨ᠎ᠠ᠂ ᠪᠢᠳᠡ ᠨᠠᠰᠢ ᠴᠠᠰᠢ ᠶᠠᠪᠤᠬᠤ ᠬᠡᠷᠡᠭ ᠥᠬᠡᠶ᠂ | ᠪᠢᠳᠡᠨ ᠤ ᠴᠠᠭ ᠢ ᠪᠠᠭ᠎ᠠ ᠪᠤᠰᠤ ᠠᠷᠪᠢᠯᠠᠵᠠᠶ᠂ ᠣᠲᠣ ᠤᠯᠤᠰ ᠤᠨ ᠲᠥᠷᠥ ᠶᠢᠨ ᠪᠣᠳᠣᠯᠭ᠎ᠠ ᠶᠡᠭᠡ ᠰᠠᠶᠢᠨ ᠪᠠᠶᠢᠨ᠎ᠠ᠂ | ᠪᠢᠳᠡ ᠲᠠᠷᠢᠶᠠᠯᠠᠩ ᠤᠨ ᠮᠠᠰᠢᠨ ᠬᠤᠳᠠᠯᠳᠤᠨ ᠠᠪᠤᠪᠠᠯ ᠨᠥᠬᠦᠪᠥᠷᠢ ᠮᠥᠩᠭᠦ ᠥᠭᠴᠦ ᠪᠠᠶᠢᠨ᠎ᠠ᠂ ᠡᠨᠡ ᠨᠢ ᠪᠢᠳᠡᠨ ᠤ | ᠰᠡᠳᠬᠢᠯ ᠤᠨ ᠲᠠᠷᠤᠭᠠᠰᠤ ᠶᠢ ᠪᠠᠭᠠᠰᠬᠠᠪᠠ︾ ᠭᠡᠯ᠎ᠠ᠃ | | | | | ᠲᠠᠷᠢᠶᠠᠯᠠᠩ ᠤᠨ ᠮᠠᠰᠢᠨ ᠪᠠᠭᠠᠵᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠯᠢ ᠴᠦᠨ ᠰᠤᠷᠪᠤᠯᠵᠢᠯᠠᠭ᠎ᠠ | ᠭᠦᠯᠢᠶᠡᠬᠦ ᠳᠡᠭᠡᠨ᠄ ︽ᠺᠣᠮᠫᠠᠨᠢ ᠶᠢᠨ ᠪᠣᠷᠣᠯᠠᠭᠤᠯᠵᠤ ᠪᠠᠶᠢᠭ᠎ᠠ ᠲᠠᠷᠢᠶᠠᠯᠠᠩ ᠤᠨ ᠮᠠᠰᠢᠨ ᠪᠣᠯ ᠴᠥᠮ ᠡᠯ᠎ᠡ ᠲᠣᠮᠣ | ᠨᠠᠷᠠᠲᠤ ᠦᠢᠯᠡᠳᠪᠦᠷᠢ ᠶᠢᠨ ᠦᠢᠯᠡᠳᠬᠦᠨ ᠮᠥᠨ᠂ ᠪᠣᠷᠣᠯᠠᠭᠤᠯᠤᠭᠰᠠᠨ ᠤ ᠳᠠᠷᠠᠭ᠎ᠠ ᠴᠥᠮ ᠪᠠᠲᠤᠯᠠᠭ᠎ᠠ ᠲᠠᠢ ᠪᠠᠶᠢᠵᠤ᠂ | ᠲᠠᠷᠢᠶᠠᠴᠢᠳ ᠤᠨ ᠬᠤᠳᠠᠯᠳᠤᠨ ᠠᠪᠬᠤ ᠳᠤ ᠰᠠᠨᠠᠭ᠎ᠠ ᠠᠮᠤᠷ᠂ ᠬᠡᠷᠡᠭᠯᠡᠬᠦ ᠳᠤ ᠨᠠᠩ ᠰᠠᠨᠠᠭ᠎ᠠ ᠠᠮᠤᠷ ᠪᠠᠶᠢᠬᠤ ᠶᠢ | ᠪᠠᠲᠤᠯᠠᠬᠤ ᠪᠤᠯᠤᠨ᠎ᠠ᠂ ᠪᠢᠳᠡᠨ ᠳᠤ ᠪᠠᠰᠠ ᠪᠠᠷᠠᠭ᠎ᠠ ᠶᠢ ᠭᠡᠷ ᠲᠤᠨᠢ ᠬᠦᠷᠭᠡᠬᠦ ᠦᠢᠯᠡᠴᠢᠯᠡᠭᠡ ᠲᠠᠢ᠂ ᠲᠠᠷᠢᠶᠠᠯᠠᠩ ᠤᠨ | ᠮᠠᠰᠢᠨ ᠢ ᠬᠡᠷᠡᠭᠯᠡᠬᠦ ᠠᠷᠭ᠎ᠠ ᠶᠢ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠡᠨᠡ ᠵᠢᠯ ᠤᠨ ᠬᠤᠶᠠᠳᠤᠭᠠᠷ ᠰᠠᠷ᠎ᠠ ᠶᠢᠨ | ᠰᠡᠭᠦᠯᠴᠢ ᠠᠴᠠ ᠡᠬᠢᠯᠡᠨ ᠲᠠᠷᠢᠶᠠᠯᠠᠩ ᠤᠨ ᠮᠠᠰᠢᠨ ᠢ ᠬᠤᠳᠠᠯᠳᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠳᠤ ᠪᠡᠯᠡᠳᠬᠡᠪᠡ ︾ ᠭᠡᠵᠡᠢ᠃ | | | | | ᠣᠶᠢᠷ᠎ᠠ ᠶᠢᠨ ᠵᠢᠯ ᠠᠴᠠ ᠨᠠᠰᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠭᠡᠷᠡᠭᠵᠢᠭᠦᠯᠬᠦ ᠶᠢ ᠲᠠᠭᠠᠯᠳᠤᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠲᠤᠭ᠎ᠠ | ᠬᠡᠮᠵᠢᠶ᠎ᠡ᠂ ᠲᠥᠷᠥᠯ ᠵᠦᠢᠯ ᠤᠯᠠᠮ ᠠᠴᠠ ᠤᠯᠠᠮ ᠣᠯᠠᠰᠢᠷᠠᠵᠤ᠂ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ᠂ ᠠᠵᠢᠯ ᠤᠨ ᠦᠷ᠎ᠡ ᠪᠦᠲᠦᠮᠵᠢ ᠴᠦ ᠤᠯᠠᠮ ᠠᠴᠠ ᠤᠯᠠᠮ ᠥᠨᠳᠥᠷ ᠪᠣᠯᠵᠣ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠮᠠᠰᠢᠨ ᠲᠣᠨᠣᠭᠯᠠᠯ ᠤᠨ ᠪᠦᠲᠦᠴᠡ ᠶᠢ ᠲᠠᠰᠤᠷᠠᠯᠲᠠ ᠥᠬᠡᠶ | ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠠᠶᠢᠴᠢᠯᠠᠨ᠂ ᠮᠧᠬᠠᠨᠢᠭᠵᠢᠭᠤᠯᠤᠯᠲᠠ ᠳᠤ ᠲᠦᠰᠢᠭᠯᠡᠨ ᠲᠠᠷᠢᠶᠠᠯᠠᠩ ᠤᠨ | ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠨᠢ ᠴᠦ | ᠲᠠᠷᠢᠮᠠᠯ ᠤᠨ ᠡᠷᠦᠬᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠶ᠃ | | | | | ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ | ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠵᠢᠯᠲᠠᠳ ᠢᠶᠠᠨ ᠵᠣᠬᠢᠶᠠᠨ ᠪᠠᠶᠢᠭᠤᠯᠤᠨ ᠡᠯ᠎ᠡ ᠲᠠᠷᠢᠶᠠᠯᠠᠩ ᠤᠨ ᠮᠠᠰᠢᠨ | ᠪᠠᠭᠠᠵᠢ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ᠂ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠬᠥᠲᠥᠯᠥᠨ | ᠵᠢᠯᠣᠭᠤᠳᠴᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠦᠨᠳᠦᠰᠦᠯᠡᠨ ᠬᠠᠪᠤᠷ ᠤᠨ ᠲᠠᠷᠢᠶᠠᠯᠠᠭ᠎ᠠ ᠶᠢᠨ | ᠲᠠᠷᠢᠶᠠᠯᠠᠩ ᠤᠨ ᠮᠠᠰᠢᠨ ᠤ ᠨᠥᠭᠡᠴᠡ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠲᠠᠷᠢᠶᠠᠯᠠᠩ ᠤᠨ ᠮᠠᠰᠢᠨ ᠤ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ | ᠬᠠᠮᠲᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠤ ᠪᠠᠶᠢᠴᠠᠭᠠᠯᠳᠠ᠂ ᠲᠠᠷᠢᠶᠠᠯᠠᠩ ᠤᠨ | ᠮᠠᠰᠢᠨ ᠤ ᠮᠡᠷᠭᠡᠵᠢᠯ ᠢ ᠬᠥᠳᠡᠭᠡ ᠪᠠᠭᠤᠯᠭᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ | ᠣᠳᠣᠬᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ | ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠪᠠᠷᠠᠭᠠᠨ ᠤ ᠢᠷᠡᠯᠲᠡ ᠭᠦᠢᠴᠡᠳ ᠪᠠᠶᠢᠵᠤ᠂ ᠲᠠᠷᠢᠶᠠᠴᠢᠨ ᠡᠷᠦᠬᠡ ᠶᠢᠨ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ ᠲᠠᠶᠢᠯᠤᠨ᠎ᠠ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠬᠠᠶᠢᠷᠬᠠᠨ | |