ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠳᠠᠷᠢᠵᠤ ᠲᠡᠵᠢᠭᠡᠬᠦ ᠶᠢ ᠡᠭᠡᠯᠵᠢᠯᠡᠭᠦᠯᠵᠦ ᠮᠠᠯ ᠪᠡᠯᠴᠢᠭᠡᠷ ᠢ ᠬᠤᠯᠪᠣᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/6
     ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠬᠥᠭᠵᠢᠯᠲᠡ ᠪᠠᠷ ᠭᠠᠷᠳᠠᠴᠠ ᠪᠣᠯᠭᠠᠵᠤ᠂ ︽ᠥᠨᠳᠦᠷᠯᠢᠭ︾ ︽ᠪᠣᠬᠢᠷᠲᠤᠯ ᠥᠬᠡᠶ︾ ᠳᠠᠪᠠᠭᠤᠯᠢᠭ ᠲᠤ ᠲᠦᠰᠢᠭᠯᠡᠨ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠰᠠᠭᠤᠷᠢᠨ ᠭᠠᠵᠠᠷ ᠢ ᠶᠡᠬᠡᠪᠡᠷ ᠪᠥᠲᠥᠭᠡᠨ ᠪᠠᠶᠢᠭᠤᠯᠵᠤ᠂ ᠬᠠᠭᠤᠷᠠᠶ ᠲᠠᠷᠢᠮᠠᠯ ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠦᠨ᠂ ᠪᠣᠬᠢᠷᠲᠤᠯ ᠥᠬᠡᠶ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠲᠡᠵᠢᠭᠡᠯ ᠡᠪᠡᠰᠦᠨ ᠤ ᠲᠤᠯᠭᠠᠭᠤᠷᠢᠯᠠᠯ ᠬᠠᠩᠭᠠᠵᠤ᠂ ᠣᠲᠣ ᠦᠶ᠎ᠡ ᠶᠢᠨ ᠪᠣᠬᠢᠷᠲᠤᠯ ᠥᠬᠡᠶ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮᠵᠢ ᠪᠠ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠶᠡᠭᠡ ᠬᠡᠮᠵᠢᠶ᠎ᠡ ᠪᠠᠷ ᠳᠡᠭᠡᠭᠰᠢᠯᠡᠬᠦ ᠶᠢ ᠠᠬᠢᠭᠤᠯᠪᠠ᠃

     ᠬᠦᠷᠢᠶ᠎ᠡ ᠰᠤᠮᠤᠨ ᠤ ᠯᠢᠦᠶ ᠶᠢᠦ ᠶᠢᠤ ᠬᠤᠷᠰᠢᠶᠠᠵᠢᠯ ᠤᠨ ᠬᠦᠯᠡᠮᠵᠢ ᠳᠤ ᠣᠷᠣᠬᠤ ᠳᠤ᠂ ᠴᠡᠯᠮᠡᠩ ᠨᠤᠭᠤᠭᠠᠨ

ᠡᠪᠡᠰᠦ ᠤᠳ ᠤᠷᠭᠤᠴᠠ ᠰᠠᠶᠢᠳᠠᠢ ᠪᠠᠶᠢᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠷᠢᠶ᠎ᠡ ᠰᠤᠮᠤᠨ ᠤ

ᠮᠠᠯᠴᠢᠨ ᠪᠠᠶ ᠭᠧᠨ ᠮᠧᠶ  ᠶᠠᠭ ᠬᠦᠯᠡᠮᠵᠢ ᠶᠢᠨ ᠪᠠᠨ ᠡᠪᠡᠰᠦ ᠢ ᠤᠰᠤᠯᠠᠵᠤ  ᠂  ᠮᠠᠨ ᠤ ᠬᠤᠨᠢ ᠢᠮᠠᠭ᠎ᠠ ᠵᠢᠯ ᠤᠨ

ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠡᠪᠡᠰᠦ ᠣᠯᠵᠤ ᠢᠳᠡᠳᠡᠭ ᠭᠡᠵᠦ ᠰᠤᠷᠪᠤᠯᠵᠢᠯᠠᠭᠴᠢ ᠳᠤ

ᠪᠠᠶᠠᠷᠳᠠᠶᠢᠬᠠᠨ ᠬᠡᠯᠡᠵᠦ ᠥᠭᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠶᠢᠨ ᠮᠠᠯᠴᠢᠨ ᠪᠠᠶ ᠭᠧᠨ ᠮᠧᠶ᠄ ︽

ᠵᠠᠰᠠᠭ ᠤᠨ ᠣᠷᠳᠣᠨ ᠤ ᠪᠡᠯᠴᠢᠭᠡᠷᠯᠡᠭᠦᠯᠬᠦ ᠶᠢ ᠵᠣᠭᠰᠣᠭᠠᠵᠦ᠂  ᠪᠡᠯᠴᠢᠭᠡᠷ ᠢ ᠰᠡᠷᠭᠦᠬᠡᠬᠦ  ᠲᠦᠷᠦ ᠶᠢᠨ ᠪᠤᠳᠤᠯᠭ᠎ᠠ ᠶᠢ

ᠴᠤᠤᠷᠢᠶᠠᠲᠤᠨ ᠳᠠᠭᠠᠬᠤ ᠶᠢᠨ ᠲᠥᠯᠥᠭᠡ᠂ ᠪᠢᠳᠡ ᠤᠯᠠᠨ ᠤᠳᠠᠭ᠎ᠠ ᠭᠠᠳᠠᠭᠰᠢ ᠭᠠᠷᠴᠤ ᠲᠣᠭᠤᠷᠢᠨ ᠦᠵᠡᠵᠦ

ᠰᠤᠷᠤᠯᠴᠠᠭᠠᠳ᠂ ᠪᠤᠭᠤᠳᠠᠢ ᠶᠢᠨ ᠨᠠᠬᠢᠶ᠎ᠠ ᠡᠪᠡᠰᠦ ᠶᠢ ᠲᠠᠷᠢᠬᠤ ᠪᠣᠯ ᠬᠤᠨᠢ ᠲᠡᠵᠢᠭᠡᠵᠦ ᠦᠷᠡᠵᠢᠭᠦᠯᠬᠦ ᠠᠵᠢᠯ ᠢ ᠮᠠᠰᠢ

ᠰᠠᠶᠢᠨ ᠬᠥᠭᠵᠢᠭᠦᠯᠬᠦ ᠵᠠᠮ ᠮᠥᠨ ᠭᠡᠵᠦ ᠪᠤᠳᠤᠵᠠᠢ᠂ ᠨᠢᠳᠤᠨᠤᠨ ᠪᠢᠳᠡ ᠭᠠᠳᠠᠷ ᠣᠷᠣᠨ ᠠᠴᠠ 100 ᠭᠠᠷᠤᠢ

ᠡᠭᠦᠯᠳᠡᠷ ᠤᠨ ᠬᠤᠨᠢ ᠬᠤᠳᠠᠯᠳᠤᠨ ᠠᠪᠴᠠᠢ᠂ ᠪᠤᠭᠤᠳᠠᠢ ᠶᠢᠨ ᠨᠠᠬᠢᠶ᠎ᠠ ᠡᠪᠡᠰᠦ ᠶᠢ ᠲᠠᠷᠢᠬᠤ ᠪᠠᠷ ᠲᠠᠮᠵᠢᠨ᠂ ᠬᠤᠨᠢ

ᠲᠡᠵᠢᠭᠡᠬᠦ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠤ᠂ ᠮᠠᠨ ᠤ ᠲᠡᠵᠢᠭᠡᠨ ᠦᠷᠡᠵᠢᠭᠦᠯᠬᠦ ᠣᠷᠣᠯᠭ᠎ᠠ ᠴᠤ

ᠪᠠᠭ᠎ᠠ ᠪᠤᠰᠤ ᠨᠡᠮᠡᠭᠳᠡᠭᠰᠡᠨ ᠪᠠᠶᠢᠨ᠎ᠠ︾ ᠭᠡᠯ᠎ᠠ᠃

     ᠪᠠᠶ ᠭᠧᠨ ᠮᠧᠶ ᠪᠣᠯ ᠶᠠᠭ ᠰᠠᠶᠢᠬᠠᠨ ᠪᠣᠰᠤᠭ᠎ᠠ ᠪᠡᠶᠡᠲᠦ ᠪᠡᠯᠴᠢᠭᠡᠷ ᠡᠪᠡᠰᠦ ᠳᠠᠷᠢᠬᠤ ᠮᠡᠷᠭᠡᠵᠢᠯ ᠢᠶᠠᠷ ᠳᠡᠮᠵᠢᠵᠦ

᠂ ︽ᠰᠢᠷᠣᠶ ᠥᠬᠡᠶ ᠪᠠᠷ ᠳᠠᠷᠢᠵᠤ ᠤᠷᠭᠤᠭᠤᠯᠤᠭᠰᠠᠨ︾ ᠪᠣᠭᠤᠳᠠᠶ ᠶᠢᠨ ᠨᠠᠬᠢᠶ᠎ᠠ ᠡᠪᠡᠰᠦ ᠠᠴᠠ 1000 ᠲᠡᠭᠰᠢ

ᠳᠥᠷᠪᠡᠯᠵᠢᠨ ᠮᠧᠲᠷ ᠪᠦᠷᠢ ᠳᠤ 5 — 7 ᠡᠳᠦᠷ ᠲᠤ 3 — 4 ᠲᠣᠨ ᠪᠣᠭᠤᠳᠠᠶ ᠶᠢᠨ ᠨᠠᠬᠢᠶ᠎ᠠ ᠡᠪᠡᠰᠦ ᠶᠢ

ᠬᠤᠷᠢᠶᠠᠵᠤ᠂ ᠪᠥᠬᠦ ᠵᠢᠯ ᠤᠨ 365 ᠡᠳᠦᠷ ᠲᠤ ᠦᠷᠭᠦᠯᠵᠢᠯᠡᠨ ᠡᠪᠡᠰᠦ ᠬᠤᠷᠢᠶᠠᠵᠤ᠂ ᠡᠷᠭᠢᠯᠳᠦᠭᠦᠯᠦᠨ ᠡᠭᠡᠯᠵᠢᠯᠡᠨ

ᠳᠠᠷᠢᠵᠤ ᠪᠣᠯᠤᠨ᠎ᠠ᠂ ᠰᠢᠨ᠎ᠡ ᠰᠣᠷᠭᠤᠭ ᠪᠣᠭᠤᠳᠠᠶ ᠶᠢᠨ ᠨᠠᠬᠢᠶ᠎ᠠ ᠡᠪᠡᠰᠦᠨ ᠳᠤ ᠥᠨᠳᠥᠷ ᠤᠭᠤᠷᠠᠭ ᠪᠠ ᠪᠢᠴᠢᠯ

ᠡᠯᠧᠮᠧᠨ᠋ᠲ ᠠᠭᠤᠯᠤᠭᠳᠠᠵᠤ᠂ ᠰᠢᠮ᠎ᠡ ᠲᠡᠵᠢᠭᠡᠯ ᠤᠨ ᠪᠦᠷᠢᠯᠳᠦᠬᠦᠨ ᠦᠨᠳᠤᠷ ᠪᠠᠶᠢᠳᠠᠭ ᠠᠴᠠ ᠲᠡᠵᠢᠭᠡᠯ ᠪᠣᠷᠳᠣᠭᠠᠨ ᠤ

ᠸᠠᠩ  ᠬᠡᠮᠡᠭᠳᠡᠭ᠂ ᠤᠯᠠᠮᠵᠢᠯᠠᠯᠲᠤ ᠲᠡᠵᠢᠭᠡᠯ ᠪᠣᠷᠳᠤᠭ᠎ᠠ ᠲᠠᠢ ᠬᠠᠷᠢᠴᠠᠭᠤᠯᠪᠠᠯ᠂ ᠪᠣᠭᠤᠳᠠᠶ ᠶᠢᠨ ᠨᠠᠬᠢᠶ᠎ᠠ ᠡᠪᠡᠰᠦ ᠨᠢ

ᠲᠡᠵᠢᠭᠡᠬᠦ ᠥᠪᠡᠷ ᠤᠨ ᠥᠷᠲᠡᠭ ᠢ ᠲᠦᠢᠯ ᠤᠨ ᠶᠡᠭᠡ ᠪᠠᠷ ᠪᠠᠭᠤᠷᠠᠭᠤᠯᠵᠤ᠂ ᠮᠠᠯᠴᠢᠳ ᠤᠨ ᠮᠠᠯ ᠪᠡᠯᠴᠢᠭᠡᠷ ᠤᠨ

ᠲᠡᠩᠴᠡᠭᠦᠷᠢ ᠥᠬᠡᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠶᠢᠨ ᠤᠬᠠᠭᠤᠯᠬᠤ ᠭᠡᠰᠢᠭᠦᠨ ᠠᠨ

ᠹᠧᠩ ᠮᠢᠩ᠄ ᠣᠳᠣᠬᠠᠨ ᠳᠤ᠂ ᠬᠦᠷᠢᠶ᠎ᠡ ᠰᠤᠮᠤᠨ ᠳᠤ ᠨᠡᠶᠢᠲᠡ 57 ᠲᠦᠮᠡ ᠭᠠᠷᠤᠶ ᠮᠥ ᠬᠠᠳᠤᠯᠠᠩ ᠪᠡᠯᠴᠢᠭᠡᠷ ᠲᠠᠢ

᠂ ᠪᠦᠬᠦ ᠰᠤᠮᠤᠨ ᠤ ᠮᠠᠯᠴᠢᠳ 5 ᠲᠦᠮᠡ ᠭᠠᠷᠤᠶ  ᠮᠢᠬᠠᠨ ᠤ ᠦᠬᠡᠷ ᠬᠤᠨᠢ ᠲᠡᠵᠢᠭᠡᠨ ᠦᠷᠡᠵᠢᠭᠦᠯᠵᠦ᠂ ᠰᠢ ᠶᠢᠨ

ᠫᠢᠩ ᠶᠡᠷᠦᠩᠬᠡᠶ ᠱᠦᠵᠢ ᠶᠢᠨ ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ ᠪᠠᠶᠢᠭᠤᠯᠬᠤ

ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠢᠢᠷ᠎ᠠ ᠶᠢᠨ ᠵᠢᠯ ᠠᠴᠠ᠂ ᠰᠤᠮᠤ ᠶᠢᠨ ᠨᠠᠮ ᠤᠨ

ᠬᠤᠷᠢᠶ᠎ᠠ ᠵᠠᠰᠠᠭ ᠤᠨ ᠣᠷᠳᠣᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ

ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠵᠦ᠂ ᠪᠡᠯᠴᠢᠭᠡᠷ ᠢ ᠰᠡᠷᠭᠦᠬᠡᠬᠦ ᠲᠦᠷᠦ ᠶᠢᠨ ᠪᠤᠳᠤᠯᠭ᠎ᠠ ᠶᠢ ᠦᠨᠡᠨᠬᠦ

ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠢ ᠢᠳᠡᠪᠬᠢᠲᠡᠢ ᠬᠦᠳᠦᠯᠦᠨ ᠵᠢᠯᠣᠭᠤᠳᠴᠤ ᠲᠡᠷᠢᠭᠦᠨ ᠤ ᠲᠡᠵᠢᠭᠡᠨ

ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠮᠠᠯ ᠤᠨ ᠡᠭᠦᠯᠳᠡᠷ ᠢ ᠰᠠᠶᠢᠵᠢᠷᠠᠭᠤᠯᠵᠤ᠂  ᠬᠤᠷᠢᠵᠦ

ᠬᠠᠰᠢᠶᠠᠯᠠᠨ ᠲᠡᠵᠢᠭᠡᠬᠦ ᠶᠢ ᠬᠥᠭᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠮᠥᠷᠲᠡᠭᠡᠨ ᠠᠮᠢ

ᠠᠬᠤᠢ ᠶᠢᠨ ᠣᠷᠴᠢᠨ ᠲᠣᠭᠤᠷᠢᠨ ᠢ ᠴᠤ ᠬᠠᠮᠠᠭᠠᠯᠠᠭᠰᠠᠨ ᠪᠠᠶᠢᠨ᠎ᠠ᠃

     ᠣᠶᠢᠷ᠎ᠠ ᠶᠢᠨ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠮᠢ ᠠᠬᠤᠶ ᠶᠢ

ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠡᠪᠡᠰᠦ ᠳᠠᠷᠢᠵᠤ ᠮᠠᠯ

ᠲᠡᠵᠢᠭᠡᠬᠦ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ

ᠰᠦᠪᠡᠭᠴᠢᠯᠡᠵᠦ᠂ ︽ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾ ᠶᠢ

ᠪᠡᠶᠡᠯᠡᠭᠦᠯᠦᠨ᠂ ᠬᠥᠳᠡᠯᠮᠦᠷᠢ ᠬᠦᠴᠦᠨ ᠬᠢᠭᠡᠳ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂

ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠲᠣᠭᠲᠠᠪᠤᠷᠢᠵᠢᠭᠤᠯᠤᠨ᠂ ᠲᠤᠬᠠᠶ ᠶᠢᠨ ᠭᠠᠵᠠᠷ ᠤᠨ ᠮᠠᠯᠴᠢᠨ

ᠲᠠᠷᠢᠶᠠᠴᠢᠨ ᠢ ᠳᠠᠭᠠᠭᠤᠯᠤᠨ ᠥᠪᠡᠷᠮᠢᠴᠡ ᠣᠨᠴᠠᠯᠢᠭ ᠲᠠᠢ ᠳᠠᠷᠢᠵᠤ ᠲᠡᠵᠢᠭᠡᠨ ᠦᠷᠡᠵᠢᠭᠦᠯᠬᠦ ᠪᠠᠶᠠᠵᠢᠯ ᠤᠨ ᠵᠠᠮ ᠢ

ᠨᠡᠭᠡᠭᠡᠭᠰᠡᠨ ᠪᠠᠶᠢᠨ᠎ᠠ᠃

        ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

        ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号