ᠣᠯᠠᠭᠠᠨᠴᠠᠪ ᠬᠤᠲᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠦᠵᠡᠭᠦᠯᠦᠯᠭᠡ ᠶᠢᠨ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/5/22
        5 ᠰᠠᠷ᠎ᠠ ᠶᠢᠨ 8 ᠤ ᠡᠳᠦᠷ᠂ ᠪᠥᠬᠦ ᠬᠤᠲᠠ ᠶᠢᠨ ᠡᠮᠴᠢᠯᠡᠭᠡᠨ ᠤ ᠬᠠᠮᠢᠶᠠᠷᠤᠯᠲᠠ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠬᠤᠷᠠᠯ ᠳᠤ ᠣᠷᠣᠯᠴᠠᠭᠰᠠᠨ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠠᠷᠢᠭᠤᠴᠠᠯᠭᠠᠲᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠬᠥ᠋ ᠵᠢᠤᠢ ᠯᠦᠩ᠂  ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠭᠤᠤ ᠳ᠋ᠦᠩ ᠮᠧᠶ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠪᠠ᠃

    ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶᠠᠨ ᠤ

ᠡᠭᠦᠳᠡᠨ ᠡᠮᠨᠡᠯᠭᠡ ᠶᠢᠨ ᠭᠠᠵᠠᠷ᠂ ᠰᠢᠯᠭᠠᠨ ᠪᠠᠶᠢᠴᠠᠭᠠᠬᠤ ᠰᠠᠯᠠᠭ᠎ᠠ᠂ ᠬᠡᠷᠡᠯ ᠵᠢᠷᠤᠭ ᠤᠨ ᠲᠠᠰᠤᠭ᠂ ICU᠂ ᠭᠠᠳᠠᠷ

ᠡᠮᠨᠡᠯᠭᠡ ᠵᠡᠷᠭᠡ ᠳᠤ ᠬᠦᠷᠴᠦ᠂ ᠡᠯ᠎ᠡ ᠰᠠᠯᠠᠭᠠᠨ ᠤ ᠲᠤᠬᠠᠶᠢᠯᠠᠭᠰᠠᠨ ᠠᠵᠢᠯ ᠵᠢᠴᠢ ᠡᠯ᠎ᠡ ᠴᠢᠳᠠᠮᠵᠢᠳᠤ ᠣᠷᠣᠨ ᠤ

ᠦᠨᠳᠦᠰᠦᠨ ᠪᠠᠶᠢᠳᠠᠯ ᠢ ᠣᠶᠢᠯᠠᠭᠠᠪᠠ᠃ ᠭᠤᠣᠯᠳᠠᠭᠤ ᠪᠡᠶ᠎ᠡ ᠶᠢᠨ ᠪᠠᠶᠢᠴᠠᠭᠠᠯᠲᠠ ᠶᠢᠨ ᠲᠥᠪ᠂ ᠮᠡᠰᠡ ᠵᠠᠰᠠᠯ ᠤᠨ

ᠲᠠᠰᠤᠭ᠂ ᠠᠯᠤᠰ ᠵᠠᠶ ᠶᠢᠨ ᠡᠮᠴᠢᠯᠡᠭᠡᠨ ᠤ ᠲᠠᠰᠤᠭ᠂ ᠰᠢᠩᠭᠡᠭᠡᠯᠲᠡ ᠶᠢᠨ ᠳᠣᠲᠣᠷ ᠰᠠᠯᠠᠭ᠎ᠠ ᠵᠡᠷᠭᠡ ᠶᠢ ᠲᠣᠭᠤᠷᠢᠨ

ᠦᠵᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ

ᠪᠠᠶᠢᠭᠤᠯᠤᠯᠲᠠ ᠶᠢ ᠥᠷᠨᠢᠭᠦᠯᠵᠦ ᠪᠠᠶᠢᠭ᠎ᠠ ᠪᠠᠶᠢᠳᠠᠯ᠂ ︽ᠲᠠᠪᠤᠨ ᠶᠡᠭᠡ ᠲᠥᠪ︾ ᠤᠨ ᠪᠠᠶᠢᠭᠤᠯᠤᠯᠲᠠ ᠶᠢᠨ ᠠᠬᠢᠴᠠ᠂

ᠨᠠᠷᠠᠲᠤ ᠡᠮᠴᠢ ᠶᠢᠨ ᠬᠠᠪᠰᠤᠷᠤᠨ ᠲᠡᠳᠬᠦᠵᠦ ᠪᠠᠶᠢᠭ᠎ᠠ ᠣᠳᠣᠬᠢ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠠᠶ᠃

ᠡᠭᠦᠨ ᠤ ᠬᠠᠮᠲᠤ ᠡᠮ ᠡᠮᠨᠡᠯᠭᠡ ᠶᠢᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠢ

ᠬᠥᠮᠦᠵᠢᠭᠦᠯᠬᠦ᠂ ᠬᠠᠮᠢᠶᠠᠷᠤᠯᠲᠠ ᠶᠢᠨ ᠲᠦᠷᠢᠮ᠂ ᠦᠵᠡᠯ ᠰᠠᠨᠠᠭ᠎ᠠ ᠪᠠ ᠲᠤᠷᠰᠢᠯᠭ᠎ᠠ ᠵᠡᠷᠭᠡ ᠲᠠᠯ᠎ᠠ ᠪᠠᠷ ᠭᠦᠨᠵᠡᠭᠡᠶ

ᠨᠡᠪᠲᠡᠷᠡᠯᠴᠡᠨ ᠰᠣᠯᠢᠯᠴᠠᠨ᠎ᠠ᠃

    ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠭ᠎ᠠ ᠬᠢᠭᠰᠡᠨ ᠨᠢ ᠡᠯ᠎ᠡ ᠬᠤᠰᠢᠭᠤ ᠰᠢᠶᠠᠨ ᠬᠤᠲᠠ

ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠰᠢᠰᠲ᠋ᠧᠮ ᠤᠨ ᠨᠡᠪᠲᠡᠷᠡᠯᠴᠡᠭᠡ ᠰᠣᠯᠢᠯᠴᠠᠭ᠎ᠠ ᠶᠢ

ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ

ᠰᠢᠰᠲ᠋ᠧᠮ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠤᠯᠠᠮ ᠨᠢᠭᠡ ᠠᠯᠬᠤᠮ

ᠰᠢᠪᠠᠳᠠᠬᠤ ᠪᠣᠯᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠡᠭᠦᠨ ᠢᠶᠠᠷ ᠠᠵᠠ

ᠲᠣᠬᠢᠶᠠᠯ ᠪᠣᠯᠭᠠᠵᠤ᠂ ᠪᠦᠭᠦ ᠬᠤᠰᠢᠭᠤᠨ ᠤ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ

ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠳᠤ ᠨᠡᠩ ᠰᠢᠯᠢᠳᠡᠭ ᠡᠮ

ᠡᠮᠨᠡᠯᠭᠡ ᠶᠢᠨ ᠦᠢᠯᠡᠴᠢᠯᠡᠭᠡ ᠬᠠᠩᠭᠠᠨ᠎ᠠ᠃

     

     

        ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号