ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠨᠥᠬᠦᠪᠥᠷᠢ ᠣᠯᠭᠤᠬᠤ ᠪᠠᠷᠢᠮᠵᠢᠶ᠎ᠠ ᠪᠠ ᠬᠦᠷᠢᠶ᠎ᠡ ᠬᠡᠪᠴᠢᠶ᠎ᠡ ᠳᠤ ᠲᠣᠬᠢᠷᠠᠭᠤᠯᠤᠯᠲᠠ ᠬᠢᠬᠦ | ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠣᠭᠤᠰᠢᠯᠠᠭᠤᠯᠤᠨ | ᠬᠡᠷᠡᠭᠵᠢᠭᠦᠯᠲᠦᠭᠡᠶ᠃ | 2023 ᠣᠨ ᠤ 4 ᠰᠠᠷ᠎ᠠ ᠶᠢᠨ 18 ᠤ ᠡᠳᠣᠷ | | | ᠪᠦᠬᠦ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠬᠦ ᠶᠢᠨ ᠲᠥᠯᠥᠭᠡ᠂ ᠲᠥᠪ ᠤᠨ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠣᠷᠣᠨ ᠰᠠᠭᠤᠴᠠ | ᠦᠭᠡᠶ ᠭᠡᠷ ᠪᠦᠯᠢ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠬᠦᠴᠢᠷᠳᠡᠯ ᠠᠴᠠ ᠠᠩᠭᠢᠵᠢᠷᠠᠭᠤᠯᠤᠨ ᠬᠠᠪᠰᠤᠷᠤᠨ | ᠲᠡᠳᠬᠦᠬᠦ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ ᠤᠨ ᠬᠤᠲᠠ | ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢᠨ | ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ ︾᠂ ︽ | ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ | ᠡᠳ᠋ ᠤᠨ ᠵᠠᠰᠠᠭ ᠤᠨ ᠲᠢᠩᠭᠢᠮ ᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ | ᠲᠦᠷᠢᠶᠡᠰᠦᠯᠡᠯ ᠤᠨ ᠨᠥᠬᠦᠪᠥᠷᠢ ᠶᠢᠨ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠬᠦᠯᠬᠦ ᠰᠠᠨᠠᠯ︾᠂ ︽ᠤᠯᠠᠭᠠᠨᠴᠠᠪ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2022 ᠣᠨ ᠤ ᠬᠡᠰᠡᠭ ᠲᠥᠪ ᠤᠨ ᠡᠳ᠋ ᠤᠨ | ᠵᠠᠰᠠᠭ ᠤᠨ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ | ᠨᠥᠬᠦᠪᠥᠷᠢ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾᠂ ︽ᠤᠯᠠᠭᠠᠨᠴᠠᠪ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 2022 ᠣᠨ ᠤ ᠥᠪᠡᠷᠲᠡᠭᠡᠨ ᠵᠠᠰᠠᠬᠤ ᠣᠷᠣᠨ ᠤ ᠬᠤᠲᠠ | ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠥᠷᠢ ᠪᠠᠯᠠ | ᠮᠥᠩᠭᠦ ᠶᠢᠨ ᠲᠥᠰᠦᠪ ᠪᠠᠭᠤᠯᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠤᠲᠠ ᠪᠠᠯᠭᠠᠰᠤ ᠶᠢᠨ | ᠪᠠᠲᠤᠯᠠᠭ᠎ᠠ ᠶᠢᠨ ᠴᠢᠨᠠᠷᠲᠠᠶ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠵᠡᠷᠭᠡ | ᠭᠤᠤᠯᠳᠠᠯᠭ᠎ᠠ ᠲᠠᠢ ᠬᠥᠮᠦᠰ ᠤᠨ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ | ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠣᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ | ᠤᠨᠢᠨ ᠳᠡᠭᠡᠷ᠎ᠡ ᠨᠢ ᠪᠠᠲᠤᠯᠠᠵᠤ᠂ ᠬᠤᠳᠠ ᠪᠠᠯᠭᠠᠰᠤᠨ ᠤ ᠣᠷᠣᠯᠭ᠎ᠠ ᠪᠠᠭ᠎ᠠ ᠲᠠᠢ ᠣᠷᠣᠨ ᠰᠠᠭᠤᠴᠠ ᠦᠭᠡᠢ ᠭᠡᠷ | ᠪᠦᠯᠢ ᠵᠡᠷᠭᠡ ᠭᠤᠣᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠪᠤᠷᠢ ᠶᠢᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠤᠶᠡᠷ᠂ ᠪᠠᠲᠤᠯᠠᠭ᠎ᠠ ᠶᠢᠨ ᠡᠲᠡᠭᠡᠳ ᠪᠠ ᠨᠥᠬᠦᠴᠡᠯ | ︵ᠨᠢᠭᠡ︶ ᠲᠦᠷᠢᠶᠡᠰᠦᠯᠡᠯ ᠤᠨ ᠨᠥᠬᠦᠪᠥᠷᠢ ᠣᠯᠭᠤᠬᠤ ᠡᠲᠡᠭᠡᠳ | 1. ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠷᠣᠨ ᠰᠠᠭᠤᠴᠠ ᠥᠬᠡᠶ | ᠬᠡᠷ ᠪᠦᠯᠢ︔ | 2. ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ︔ | 3. ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠵᠤ ᠪᠠᠶᠢᠭ᠎ᠠ ᠭᠠᠳᠠᠨ᠎ᠠ ᠠᠴᠠ ᠢᠷᠡᠵᠦ ᠠᠵᠢᠯ ᠬᠢᠵᠦ | ᠪᠠᠶᠢᠭ᠎ᠠ ︵ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠦᠬᠡ ᠠᠮᠠ ᠶᠢᠨ ᠲᠠᠩᠰᠠ ᠳᠤ ᠯᠠ | ᠬᠢᠵᠠᠭᠠᠷᠯᠠᠭᠳᠠᠨ᠎ᠠ︶ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠥᠬᠡᠶ ᠬᠡᠷ ᠪᠦᠯᠢ ︵ᠺᠤᠪᠤᠷ ᠪᠠᠯᠭᠠᠰᠤᠨ ᠤ | ᠬᠤᠲᠠ ᠶᠢᠨ ᠲᠣᠭᠤᠷᠢᠭ ᠠᠴᠠ ᠭᠠᠳᠠᠨᠠᠬᠢ ᠵᠠᠰᠠᠭ ᠵᠠᠬᠢᠷᠭᠠᠨ ᠤ ᠲᠣᠰᠬᠤᠨ ᠤ ᠪᠠᠶᠢᠰᠢᠩ ᠬᠡᠷ ᠨᠢ ᠪᠠᠲᠤᠯᠠᠭ᠎ᠠ ᠶᠢᠨ | ᠬᠡᠪᠴᠢᠶᠡᠨ ᠳᠤ ᠪᠣᠶ︶︔ | 4. ᠬᠥᠮᠦᠨ ᠳᠤᠮᠳᠠᠴᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠲᠠᠯᠠᠪᠠᠶ ᠨᠢ 15 ᠲᠡᠭᠰᠢ | ᠳᠥᠷᠪᠡᠯᠵᠢᠨ ᠮᠧᠲᠷ ᠲᠤ ᠬᠥᠷᠬᠦ ᠥᠬᠡᠶ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ | ︵ᠬᠤᠶᠠᠷ︶ ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠬᠤ ᠨᠥᠬᠦᠴᠡᠯ | ᠣᠷᠣᠨ ᠰᠠᠭᠤᠴᠠ ᠦᠭᠡᠢ ᠪᠠᠶᠢᠬᠤ ᠪᠠᠷ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠢ ᠲᠣᠭᠲᠠᠭᠠᠬᠤ | ᠲᠡᠷᠢᠭᠦᠨ ᠴᠢᠬᠤᠯᠠ ᠨᠥᠬᠦᠴᠡᠯ ᠪᠣᠯᠭᠠᠨ᠎ᠠ᠃ ᠵᠠᠷᠴᠢᠮ ᠳᠡᠭᠡᠷ᠎ᠡ ᠪᠠᠨ ᠳᠣᠣᠷᠠᠬᠢ ᠨᠥᠬᠦᠴᠡᠯ ᠢᠶᠠᠷ ᠲᠣᠭᠲᠠᠭᠠᠨ᠎ᠠ᠄ | 1. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ᠃ ᠭᠤᠶᠤᠴᠢᠯᠠᠭᠴᠢ ᠨᠢ ᠡᠷᠬᠡᠪᠰᠢ ᠪᠦᠬᠦᠯᠢ 18 | ᠨᠠᠰᠤ ᠬᠦᠷᠴᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠦᠬᠡ ᠠᠮᠠ ᠶᠢᠨ ᠲᠠᠩᠰᠠ ᠶᠢ | ᠪᠦᠷᠢᠳᠦᠭᠦᠯᠦᠭᠰᠡᠨ ᠮᠥᠷᠲᠡᠭᠡᠨ ᠬᠦᠭᠡᠪᠦᠷ ᠪᠠᠯᠭᠠᠰᠤᠨ ᠳᠤ ᠠᠮᠢᠳᠤᠷᠠᠵᠤ ᠠᠵᠢᠯᠯᠠᠵᠤ ᠪᠠᠶᠢᠬᠤ ᠬᠡᠷᠡᠭᠲᠡᠶ᠃ ᠭᠡᠷ | ᠪᠦᠯᠢ ᠶᠢᠨ ᠪᠦᠷᠢᠯᠳᠦᠬᠦᠨ ᠭᠡᠳᠡᠭ ᠨᠢ ᠭᠤᠶᠤᠴᠢᠯᠠᠭᠴᠢ ᠶᠢᠨ ᠲᠤᠰ ᠬᠥᠮᠦᠨ᠂ ᠬᠤᠯᠪᠣᠰᠤ ᠵᠢᠴᠢ ᠦᠷ᠎ᠡ ᠬᠡᠦᠬᠡᠳ ︵ | ᠤᠷᠤᠭᠯᠠᠭᠠᠳᠤᠶ᠂ ᠤᠷᠤᠭ ᠰᠠᠯᠤᠭᠰᠠᠨ ᠪᠤᠶᠤ ᠬᠤᠯᠪᠣᠰᠤ ᠪᠠᠨ ᠠᠯᠳᠠᠭᠰᠠᠨ︶ ᠢ ᠵᠢᠭᠠᠵᠤ ᠪᠠᠶᠢᠨ᠎ᠠ᠃ | 2. ᠣᠷᠣᠯᠭ᠎ᠠ᠃ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠨ | ᠰᠠᠭᠤᠴᠠ ᠥᠬᠡᠶ ᠬᠡᠷ ᠪᠦᠯᠢ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠡᠷᠡᠴᠢᠯᠡᠨ᠎ᠡ᠃ | ᠪᠠᠯᠭᠠᠰᠤ ᠶᠢᠨ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ︵ᠪᠠᠷᠢᠮᠵᠢᠶ᠎ᠠ ᠨᠢ ᠲᠦᠷᠦᠭᠦᠤ ᠵᠢᠯ ᠤᠨ | ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 40% ᠳᠤ ᠬᠥᠷᠬᠦ ᠥᠬᠡᠶ᠂ | ᠪᠣᠳᠠᠲᠠᠶ ᠪᠠᠷᠢᠮᠵᠢᠶ᠎ᠠ ᠶᠢ ᠵᠢᠯ ᠪᠦᠷᠢ ᠶᠢᠨ ᠵᠢᠯ ᠤᠨ ᠡᠬᠢᠨ ᠳᠤ ᠵᠠᠰᠠᠭ ᠤᠨ ᠣᠷᠳᠣᠨ ᠳᠤ ᠮᠡᠳᠡᠭᠦᠯᠵᠦ ᠬᠠᠮᠢᠶ᠎ᠠ ᠪᠥᠬᠦᠶ | ᠬᠤᠷᠠᠯ ᠢᠶᠠᠷ ᠳᠠᠮᠵᠢᠭᠤᠯᠤᠨ ᠲᠣᠭᠲᠠᠭᠠᠨ᠎ᠠ︶ ᠳᠤ ᠨᠡᠶᠢᠭᠡᠮ ᠲᠣᠭᠤᠷᠢᠭ ᠪᠠ ᠭᠦᠭᠡᠪᠦᠷ ᠪᠠᠯᠭᠠᠰᠤᠨ ᠤ ᠵᠠᠰᠠᠭ ᠤᠨ | ᠣᠷᠳᠣᠨ ᠠᠴᠠ ᠬᠢᠨᠠᠨ ᠬᠠᠷᠭᠤᠭᠤᠯᠵᠤ ᠭᠡᠷᠡᠴᠢ ᠭᠠᠷᠭᠠᠨ᠎ᠠ︔ ᠬᠤᠲᠠ ᠪᠠᠯᠭᠠᠰᠤ ᠶᠢᠨ ᠲᠣᠭᠲᠠᠪᠤᠷᠢᠲᠠᠶ ᠠᠵᠢᠯ | ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ | ᠪᠦᠯᠢ ᠳᠤ ᠪᠣᠯ ᠠᠵᠢᠯ ᠣᠯᠤᠭᠰᠠᠨ ᠨᠢᠭᠡᠴᠡ ᠠᠴᠠ ᠠᠵᠢᠯ ᠣᠯᠤᠭᠰᠠᠨ ᠭᠡᠷᠡᠴᠢ ᠪᠣᠯᠤᠨ ᠴᠠᠯᠢᠩ ᠤᠨ ᠭᠡᠷᠡᠴᠢ | ᠭᠠᠷᠭᠠᠵᠤ ᠥᠭᠭᠦᠨ᠎ᠡ ︵ᠪᠠᠷᠢᠮᠵᠢᠶ᠎ᠠ ᠨᠢ ᠲᠦᠷᠦᠭᠦᠤ ᠵᠢᠯ ᠤᠨ ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ 40% ᠬᠥᠷᠬᠦ ᠥᠬᠡᠶ᠂ ᠪᠣᠳᠠᠲᠠᠶ ᠪᠠᠷᠢᠮᠵᠢᠶ᠎ᠠ ᠶᠢ ᠵᠢᠯ ᠪᠦᠷᠢ ᠶᠢᠨ ᠵᠢᠯ ᠤᠨ | ᠡᠬᠢᠨ ᠳᠤ ᠵᠠᠰᠠᠭ ᠤᠨ ᠣᠷᠳᠣᠨ ᠳᠤ ᠮᠡᠳᠡᠭᠦᠯᠵᠦ ᠬᠠᠮᠢᠶ᠎ᠠ ᠪᠥᠬᠦᠶ ᠬᠤᠷᠠᠯ ᠢᠶᠠᠷ ᠪᠠᠲᠤᠯᠠᠭᠤᠯᠵᠤ ᠲᠣᠭᠲᠠᠭᠠᠨ᠎ᠠ︶᠂ | ᠳᠠᠷᠠᠭ᠎ᠠ ᠪᠠᠷ ᠨᠢ ᠨᠡᠶᠢᠭᠡᠮ ᠲᠣᠭᠤᠷᠢᠭ ᠪᠣᠯᠤᠨ ᠬᠦᠭᠡᠪᠦᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠬᠢᠨᠠᠨ ᠬᠠᠷᠭᠤᠭᠤᠯᠤᠨ᠎ᠠ᠃ | 3. ᠣᠷᠣᠨ ᠰᠠᠭᠤᠴᠠ᠃ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠳᠤ ᠣᠷᠣᠨ ᠰᠠᠭᠤᠴᠠ ᠥᠬᠡᠶ ︵ᠮᠥᠨ ᠴᠢᠨᠠᠷ ᠤᠨ ᠴᠢᠨᠠᠷᠲᠠᠶ ᠬᠡᠷ ᠲᠦᠷᠢᠶᠡᠰᠦᠯᠡᠬᠦ | ᠭᠡᠷ᠎ᠡ ᠲᠠᠢ ᠪᠥᠭᠡᠳ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠥᠪ ᠠᠴᠠ ᠬᠡᠷ ᠪᠠᠶᠢᠰᠢᠩ ᠥᠬᠡᠶ ᠭᠡᠷᠡᠴᠢ ᠭᠠᠷᠭᠠᠵᠤ ᠥᠭᠭᠦᠨ᠎ᠡ︶ ᠪᠤᠶᠤ ᠬᠥᠮᠦᠨ | ᠳᠤᠮᠳᠠᠴᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠲᠤ ᠬᠥᠷᠬᠦ | ᠥᠬᠡᠶ᠃ | 4. ᠠᠵᠢᠯ ᠣᠯᠤᠭᠰᠠᠨ ᠴᠠᠭ᠃ ᠬᠤᠲᠠ ᠪᠠᠯᠭᠠᠰᠤᠨ ᠤ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ | ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠠᠵᠢᠯ ᠣᠯᠤᠭᠰᠠᠨ ᠴᠠᠭ ᠨᠢ ᠪᠦᠬᠦᠯᠢ ᠬᠤᠶᠠᠷ ᠵᠢᠯ ᠪᠠᠶᠢᠪᠠᠯ᠂ ᠠᠵᠢᠯ | ᠣᠯᠤᠭᠰᠠᠨ ᠨᠢᠭᠡᠴᠢ ᠠᠴᠠ ᠭᠡᠷᠡᠴᠢ ᠭᠠᠷᠭᠠᠵᠤ ᠥᠭᠭᠦᠨ᠎ᠡ᠃ | ᠭᠤᠷᠪᠡ᠂ ᠣᠯᠭᠤᠬᠤ ᠪᠠᠷᠢᠮᠵᠢᠶ᠎ᠠ | ︵ᠨᠢᠭᠡ︶ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠨ ᠰᠠᠭᠤᠴᠠ ᠥᠭᠡᠢ ᠭᠡᠷ ᠪᠦᠯᠢ | ᠂ ᠬᠤᠲᠠ ᠪᠠᠯᠭᠠᠰᠤ ᠶᠢᠨ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠥᠭᠡᠢ ᠭᠡᠷ ᠪᠦᠯᠢ᠂ ᠬᠤᠲᠠ ᠪᠠᠯᠭᠠᠰᠤ ᠶᠢᠨ | ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠳᠣᠣᠷ᠎ᠠ ᠣᠷᠣᠯᠭ᠎ᠠ ᠲᠠᠢ | ᠣᠷᠣᠨ ᠰᠠᠭᠤᠴᠠ ᠥᠭᠡᠢ ᠭᠡᠷ ᠪᠦᠯᠢ ᠶᠢ 50 ᠲᠡᠭᠰᠢ ᠳᠥᠷᠪᠡᠯᠵᠢᠨ ᠮᠤ᠋ ᠬᠡᠮᠵᠢᠶ᠎ᠡ ᠪᠠᠷ ᠪᠠᠲᠤᠯᠠᠨ᠎ᠠ᠃ ᠲᠡᠭᠦᠨ ᠤ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠰᠠᠭᠤᠬᠤ ᠨᠥᠬᠦᠪᠥᠷᠢ ᠶᠢᠨ ᠪᠠᠷᠢᠮᠵᠢᠶ᠎ᠠ᠄ ᠬᠤᠲᠠ | ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠨ ᠰᠠᠭᠤᠴᠠ ᠥᠬᠡᠶ ᠬᠡᠷ ᠪᠦᠯᠢ ᠳᠤ 5 | ᠲᠥᠭᠦᠷᠢᠭ / ᠲᠡᠭᠰᠢ ᠳᠥᠷᠪᠡᠯᠵᠢᠨ ᠮᠧᠲᠷ / ᠰᠠᠷ᠎ᠠ ᠪᠠᠷ ᠪᠤᠳᠤᠨ᠎ᠠ︔ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ | ᠣᠷᠣᠨ ᠰᠠᠭᠤᠴᠠ ᠥᠬᠡᠶ ᠬᠡᠷ ᠪᠦᠯᠢ ᠳᠤ 4 ᠲᠥᠭᠦᠷᠢᠭ / ᠲᠡᠭᠰᠢ ᠳᠥᠷᠪᠡᠯᠵᠢᠨ ᠮᠧᠲᠷ / ᠰᠠᠷ᠎ᠠ ᠪᠠᠷ ᠪᠤᠳᠤᠨ᠎ᠠ︔ | ᠬᠤᠲᠠ ᠪᠠᠯᠭᠠᠰᠤ ᠶᠢᠨ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ | ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠳᠤ ᠰᠠᠷ᠎ᠠ ᠪᠦᠷᠢ 4 ᠲᠥᠭᠦᠷᠢᠭ \ ᠲᠡᠭᠰᠢ ᠳᠥᠷᠪᠡᠯᠵᠢᠨ | ᠮᠧᠲᠷ ᠢᠶᠠᠷ ᠪᠤᠳᠤᠨ᠎ᠠ᠃ | ︵ᠬᠤᠶᠠᠷ︶ ᠬᠥᠮᠦᠨ ᠪᠦᠷᠢ ᠶᠢᠨ ᠳᠤᠮᠳᠠᠴᠢ ᠪᠠᠲᠤᠯᠠᠭ᠎ᠠ ᠶᠢᠨ ᠣᠷᠣᠨ ᠰᠠᠭᠤᠴᠠ ᠶᠢᠨ ᠲᠠᠯᠠᠪᠠᠶ ᠨᠢ 15 | ᠲᠡᠭᠰᠢ ᠳᠥᠷᠪᠡᠯᠵᠢᠨ ᠮᠧᠲᠷ ᠲᠤ ᠬᠥᠷᠬᠦ ᠥᠬᠡᠶ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ | ᠪᠦᠯᠢ ᠳᠤ ᠵᠢᠯ ᠪᠦᠷᠢ 1500 ᠲᠥᠭᠦᠷᠢᠭ ᠢᠶᠠᠷ ᠪᠤᠳᠤᠨ᠎ᠠ᠃ | ︵ᠭᠤᠷᠪᠠ︶ ᠲᠦᠷᠢᠶᠡᠰᠦᠯᠡᠯ ᠤᠨ ᠨᠥᠬᠦᠪᠥᠷᠢ ᠶᠢᠨ ᠲᠤᠭ᠎ᠠ ᠬᠡᠮᠵᠢᠶ᠎ᠡ ᠶᠢ ᠳᠣᠣᠷ᠎ᠠ ᠵᠢᠭᠰᠠᠭᠠᠭᠰᠠᠨ | ᠲᠣᠮᠢᠶ᠎ᠠ ᠪᠠᠷ ᠲᠣᠭᠲᠠᠭᠠᠨ᠎ᠠ᠄ | 1. ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠨ ᠰᠠᠭᠤᠴᠠ ᠥᠬᠡᠶ | ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢᠨ ᠲᠤᠭ᠎ᠠ ᠬᠡᠮᠵᠢᠶ᠎ᠡ ︵ᠰᠠᠷ᠎ᠠ ᠪᠦᠷᠢ 250 ᠲᠥᠭᠦᠷᠢᠭ︶ = | ᠨᠥᠬᠦᠪᠥᠷᠢᠯᠡᠬᠦ ᠶᠣᠰᠣᠲᠠᠶ ᠲᠠᠯᠠᠪᠠᠶ ︵50 ᠲᠡᠭᠰᠢ ᠳᠥᠷᠪᠡᠯᠵᠢᠨ ᠮᠧᠲᠷ︶ × ᠬᠤᠲᠠ ᠪᠠᠯᠭᠠᠰᠤ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠷᠣᠨ ᠰᠠᠭᠤᠴᠠ ᠥᠬᠡᠶ ᠬᠡᠷ ᠪᠦᠯᠢ ᠶᠢᠨ ᠲᠡᠭᠰᠢ | ᠳᠥᠷᠪᠡᠯᠵᠢᠨ ᠮᠧᠲᠷ ᠪᠦᠷᠢ ᠶᠢᠨ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠨᠥᠬᠦᠪᠥᠷᠢ ᠶᠢᠨ | ᠪᠠᠷᠢᠮᠵᠢᠶ᠎ᠠ ︵5 ᠲᠥᠭᠦᠷᠢᠭ︶︔ | 2. ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠶᠢᠨ | ᠲᠦᠷᠢᠶᠡᠰᠦᠯᠡᠯ ᠤᠨ ᠨᠥᠬᠦᠪᠥᠷᠢ ᠶᠢᠨ ᠲᠤᠭ᠎ᠠ ᠬᠡᠮᠵᠢᠶ᠎ᠡ ︵ᠰᠠᠷ᠎ᠠ ᠪᠦᠷᠢ 200 ᠲᠥᠭᠦᠷᠢᠭ︶ = ᠨᠥᠬᠦᠪᠥᠷᠢ | ᠥᠭᠬᠦ ᠶᠣᠰᠣᠲᠠᠶ ᠲᠠᠯᠠᠪᠠᠶ ︵50 ᠲᠡᠭᠰᠢ ᠳᠥᠷᠪᠡᠯᠵᠢᠨ ᠮᠧᠲᠷ︶ × ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ | ᠣᠷᠣᠨ ᠰᠠᠭᠤᠴᠠ ᠥᠬᠡᠶ ᠬᠡᠷ ᠪᠦᠯᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠣᠯᠠᠨ ᠨᠡᠶᠢᠲᠡ ᠶᠢᠨ | ᠲᠦᠷᠢᠶᠡᠰᠦᠯᠡᠯ ᠤᠨ ᠣᠷᠣᠨ ᠰᠠᠭᠤᠴᠠ ᠶᠢᠨ ᠨᠥᠬᠦᠪᠥᠷᠢ ᠶᠢᠨ ᠪᠠᠷᠢᠮᠵᠢᠶ᠎ᠠ ︵4 ᠲᠥᠭᠦᠷᠢᠭ︶︔ | 3. ᠬᠤᠲᠠ ᠪᠠᠯᠭᠠᠰᠤ ᠶᠢᠨ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠢᠵᠦ | ᠪᠠᠶᠢᠭ᠎ᠠ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢᠨ | ᠲᠤᠭ᠎ᠠ ᠬᠡᠮᠵᠢᠶ᠎ᠡ ︵ᠰᠠᠷ᠎ᠠ ᠪᠦᠷᠢ 200 ᠲᠥᠭᠦᠷᠢᠭ︶ = ᠨᠥᠬᠦᠪᠥᠷᠢ ᠥᠭᠬᠦ ᠶᠣᠰᠣᠲᠠᠶ ᠲᠠᠯᠠᠪᠠᠶ ︵50 ᠲᠡᠭᠰᠢ | ᠳᠥᠷᠪᠡᠯᠵᠢᠨ ᠮᠧᠲᠷ︶ × ᠬᠤᠲᠠ ᠪᠠᠯᠭᠠᠰᠤ ᠶᠢᠨ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ | ᠠᠵᠢᠯ ᠬᠢᠵᠦ ᠪᠠᠶᠢᠭ᠎ᠠ ᠣᠷᠣᠯᠭ᠎ᠠ ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠶᠢᠨ ᠲᠡᠭᠰᠢ ᠳᠥᠷᠪᠡᠯᠵᠢᠨ ᠮᠧᠲᠷ | ᠪᠦᠷᠢ ᠶᠢᠨ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠨᠥᠬᠦᠪᠥᠷᠢ ᠶᠢᠨ ᠪᠠᠷᠢᠮᠵᠢᠶ᠎ᠠ ︵4 | ᠲᠥᠭᠦᠷᠢᠭ︶᠃ | ᠲᠥᠷᠪᠡ᠂ ᠬᠢᠨᠠᠨ ᠵᠥᠪᠰᠢᠶᠡᠷᠡᠬᠦ ᠶᠠᠪᠤᠴᠠ | ︵ᠨᠢᠭᠡ︶ ᠭᠤᠶᠤᠴᠢᠯᠠᠭᠴᠢ ᠨᠢ ᠭᠤᠶᠤᠴᠢᠯᠠᠯ ᠤᠨ ᠪᠢᠴᠢᠭ᠂ ᠡᠷᠦᠬᠡ ᠠᠮᠠ ᠶᠢᠨ ᠳᠡᠪᠲᠡᠷ ᠤᠨ ᠣᠭ | ᠮᠠᠲ᠋ᠧᠷᠢᠶᠠᠯ ᠵᠢᠴᠢ ᠬᠠᠭᠤᠯᠪᠤᠷᠢ᠂ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ᠂ ᠣᠷᠤᠭ | ᠪᠠᠷᠢᠯᠳᠤᠭᠰᠠᠨ ︵ᠣᠷᠤᠭ ᠰᠠᠯᠤᠭᠰᠠᠨ︶ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ᠂ ᠭᠤᠶᠤᠴᠢᠯᠠᠭᠴᠢ | ᠵᠢᠴᠢ ᠬᠡᠷ ᠪᠦᠯᠢ ᠶᠢᠨ ᠪᠦᠷᠢᠯᠳᠦᠬᠦᠨ ᠳᠤ ᠬᠡᠷ ᠪᠠᠶᠢᠰᠢᠩ ᠤᠨ ᠭᠡᠷᠡᠴᠢ ᠥᠬᠡᠶ᠂ ᠭᠤᠶᠤᠴᠢᠯᠠᠭᠴᠢ ᠶᠢᠨ 1 | ᠢᠮᠠᠬᠤ ᠶᠢᠨ ᠬᠡᠷᠡᠯ ᠵᠢᠷᠤᠭ ︵ᠬᠥᠬᠡ ᠳᠡᠪᠢᠰᠬᠡᠷ︶ ᠢ ᠠᠪᠴᠤ ᠬᠠᠷᠢᠶᠠᠨ ᠳᠠᠬᠢ ᠨᠡᠶᠢᠭᠡᠮ ᠲᠣᠭᠤᠷᠢᠭ ᠤᠨ ᠨᠢᠭᠡᠳᠦᠭᠡᠷ | ᠳᠡᠰ ᠤᠨ ᠠᠩᠬᠠᠨ ᠤ ᠬᠢᠨᠠᠯᠲᠠ ᠳᠤ ᠲᠠᠩᠰᠠ ᠡᠪᠬᠡᠮᠡᠯ ᠪᠠᠶᠢᠭᠤᠯᠵᠤ᠂ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠶᠢ | ᠨᠢᠭᠡ ᠤᠳᠠᠭ᠎ᠠ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠨᠢ 7 ᠡᠳᠦᠷ ᠪᠣᠯᠤᠨ᠎ᠠ᠃ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠨᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠣᠨᠳᠣᠣ ᠰᠠᠨᠠᠯ ᠦᠭᠡᠢ ᠪᠣᠯ | ᠭᠤᠶᠤᠴᠢᠯᠠᠯ ᠤᠨ ᠮᠠᠲ᠋ᠧᠷᠢᠶᠠᠯ ᠢᠶᠠᠨ ᠬᠦᠭᠡᠪᠦᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ | ᠬᠡᠷᠡᠭᠲᠡᠶ᠃ | ︵ᠬᠤᠶᠠᠷ︶ ᠬᠦᠭᠡᠪᠦᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠶᠤᠴᠢᠯᠠᠭᠴᠢ ᠶᠢᠨ | ᠪᠠᠶᠢᠳᠠᠯ ᠢ ᠳᠠᠬᠢᠨ ᠬᠢᠨᠠᠨ᠎ᠠ᠂ ᠳᠠᠬᠢᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ ᠭᠤᠶᠤᠴᠢᠯᠠᠭᠴᠢ ᠶᠢ ᠬᠤᠶᠠᠳᠠᠬᠢ | ᠤᠳᠠᠭ᠎ᠠ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠨᠢ 7 ᠡᠳᠦᠷ ᠪᠣᠯᠤᠨ᠎ᠠ᠃ ᠵᠠᠷᠯᠠᠨ ᠨᠡᠶᠢᠲᠡᠯᠡᠬᠦ | ᠬᠤᠭᠤᠴᠠᠭᠠᠨ ᠳᠤ ᠣᠨᠳᠣᠤ ᠰᠠᠨᠠᠯ ᠥᠬᠡᠶ ᠪᠣᠯ ᠬᠢᠨᠠᠨ ᠬᠠᠷᠭᠤᠭᠤᠯᠤᠭᠰᠠᠨ ᠰᠠᠨᠠᠯ ᠪᠠ ᠭᠤᠶᠤᠴᠢᠯᠠᠯ ᠤᠨ | ᠮᠠᠲ᠋ᠧᠷᠢᠶᠠᠯ ᠢ ᠬᠠᠮᠲᠤ ᠳᠤᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠮᠡᠳᠡᠭᠦᠯᠦᠨ ᠬᠦᠷᠭᠡᠬᠦ ᠬᠡᠷᠡᠭᠲᠡᠶ᠃ | ︵ᠭᠤᠷᠪᠠ︶ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠠᠩᠰᠠ ᠡᠪᠬᠡᠮᠡᠯ ᠢ | ᠪᠠᠶᠢᠴᠠᠭᠠᠵᠤ ᠭᠡᠷᠡᠴᠢ ᠠᠪᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠢᠶᠠᠨ | ᠰᠤᠷᠪᠤᠯᠵᠢᠯᠠᠬᠤ ᠵᠢᠴᠢ ᠵᠠᠬᠢᠳᠠᠯ ᠢᠶᠠᠷ ᠭᠡᠷᠡᠴᠢ ᠠᠪᠬᠤ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠶᠢᠨ ᠬᠡᠷ | ᠪᠦᠯᠢ ᠶᠢᠨ ᠣᠷᠣᠨ ᠰᠠᠭᠤᠴᠠ ᠶᠢᠨ ᠪᠠᠶᠢᠳᠠᠯ᠂ ᠣᠷᠣᠯᠭ᠎ᠠ ᠵᠡᠷᠭᠡ ᠪᠠᠶᠢᠳᠠᠯ ᠳᠤ ᠡᠴᠦᠰ ᠤᠨ ᠰᠢᠭᠦᠯᠲᠡ ᠬᠢᠵᠦ᠂ | ᠨᠥᠬᠦᠴᠡᠯ ᠳᠤ ᠨᠡᠶᠢᠴᠡᠬᠦ ᠭᠤᠶᠤᠴᠢᠯᠠᠭᠴᠢ ᠶᠢ ᠭᠤᠷᠪᠠ ᠤᠳᠠᠭ᠎ᠠ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠨᠢ | 7 ᠡᠳᠦᠷ ᠪᠣᠯᠤᠨ᠎ᠠ᠃ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠶᠢ ᠨᠢ ᠪᠠᠲᠤᠯᠠᠭ᠎ᠠ ᠶᠢᠨ ᠡᠲᠡᠭᠡᠳ ᠢᠶᠠᠷ | ᠲᠣᠭᠲᠠᠭᠠᠵᠤ᠂ ᠬᠠᠮᠤᠭ ᠡᠴᠦᠰ ᠲᠤ ᠬᠢᠨᠠᠨ ᠵᠥᠪᠰᠢᠶᠡᠷᠡᠵᠦ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ︵ᠳᠥᠷᠪᠡ︶ ᠭᠤᠶᠤᠴᠢᠯᠠᠭᠴᠢ ᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ | ᠪᠠᠶᠢᠪᠠᠯ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠨᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠳᠠᠬᠢᠨ ᠬᠢᠨᠠᠬᠤ ᠶᠢᠨ ᠬᠠᠮᠲᠤ 15 ᠠᠵᠢᠯᠯᠠᠬᠤ ᠡᠳᠦᠷ ᠤᠨ ᠳᠣᠲᠣᠷ᠎ᠠ | ᠳᠠᠬᠢᠨ ᠬᠢᠨᠠᠭᠰᠠᠨ ᠦᠷ᠎ᠡ ᠳ᠋ᠦᠩ ᠢᠶᠠᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | ᠲᠠᠪᠦ᠂ ᠲᠤᠰᠢᠶᠠᠬᠤ ᠴᠢᠬᠤᠯᠠᠲᠠᠢ ᠭᠡᠷᠡᠴᠢ ᠮᠠᠲ᠋ᠧᠷᠢᠶᠠᠯ | ︵ᠨᠢᠭᠡ︶ ᠭᠤᠶᠤᠴᠢᠯᠠᠯ ᠤᠨ ᠪᠢᠴᠢᠭ︔ | ︵ᠬᠤᠶᠠᠷ︶ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ ᠪᠠ ᠡᠷᠦᠬᠡ | ᠠᠮᠠ ᠶᠢᠨ ᠳᠡᠪᠲᠡᠷ ᠤᠨ ᠣᠭ ᠮᠠᠲ᠋ᠧᠷᠢᠶᠠᠯ ᠵᠢᠴᠢ ᠪᠠᠭᠤᠯᠭᠠᠪᠤᠷᠢ︔ | ︵ᠭᠤᠷᠪᠠ︶ ᠭᠤᠶᠤᠴᠢᠯᠠᠭᠴᠢ ᠶᠢᠨ ᠤᠷᠤᠭ ᠤᠨ ᠪᠠᠶᠢᠳᠠᠯ ᠤᠨ ᠭᠡᠷᠡᠴᠢ ︵ᠤᠷᠤᠭ ᠤᠨ ᠦᠨᠡᠮᠯᠡᠯ᠂ ᠤᠷᠤᠭ | ᠰᠠᠯᠬᠤ ᠦᠨᠡᠮᠯᠡᠯ ᠵᠢᠴᠢ ᠤᠷᠤᠭ ᠰᠠᠯᠬᠤ ᠬᠡᠯᠡᠯᠴᠡᠭᠡᠷ ᠤᠨ ᠪᠢᠴᠢᠭ᠂ ᠭᠤᠶᠤᠴᠢᠯᠠᠭᠴᠢ ᠶᠢᠨ ᠬᠤᠯᠪᠣᠰᠤ ᠪᠠᠨ | ᠠᠯᠳᠠᠭᠰᠠᠨ ᠪᠠᠶᠢᠪᠠᠯ ᠬᠤᠯᠪᠣᠰᠤ ᠪᠠᠨ ᠠᠯᠳᠠᠭᠰᠠᠨ ᠪᠤᠶᠤ ᠥᠭᠦᠭᠰᠡᠨ ᠭᠡᠷᠡᠴᠢ ᠬᠠᠩᠭᠠᠨ᠎ᠠ︶ | ︵ᠳᠥᠷᠪᠡ︶ ᠭᠤᠶᠤᠴᠢᠯᠠᠭᠴᠢ ᠶᠢᠨ ᠣᠷᠣᠨ ᠰᠠᠭᠤᠴᠠ ᠶᠢᠨ ᠪᠠᠶᠢᠳᠠᠯ ᠢ ᠭᠡᠷᠡᠴᠢᠯᠡᠬᠦ ᠮᠠᠲ᠋ᠧᠷᠢᠶᠠᠯ᠄ ︵1︶ | ᠬᠡᠷ ᠪᠠᠶᠢᠰᠢᠩ ᠥᠬᠡᠶ ᠭᠡᠷᠡᠴᠢ᠂ ᠬᠡᠷ ᠲᠦᠷᠢᠶᠡᠰᠦᠯᠡᠬᠦ ᠭᠡᠷ᠎ᠡ ᠪᠤᠶᠤ ᠬᠡᠯᠡᠯᠴᠡᠭᠡᠷ᠂ ᠬᠡᠷ ᠤᠨ ᠡᠵᠡᠨ ᠤ ᠬᠡᠷ | ᠪᠠᠶᠢᠰᠢᠩ ᠤᠨ ᠳᠡᠪᠲᠡᠷ ᠤᠨ ᠬᠠᠭᠤᠯᠪᠤᠷᠢ᠂ ᠬᠡᠷ ᠤᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠢᠴᠢ | ᠤᠲᠠᠰᠤᠨ ᠨᠣᠮᠧᠷ︔ ︵2︶ ᠬᠥᠮᠦᠨ ᠳᠤᠮᠳᠠᠴᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠲᠠᠯᠠᠪᠠᠶ ᠨᠢ 15 | ᠲᠡᠭᠰᠢ ᠳᠥᠷᠪᠡᠯᠵᠢᠨ ᠮᠧᠲᠷ ᠲᠤ ᠬᠥᠷᠬᠦ ᠥᠬᠡᠶ ᠬᠡᠷ ᠪᠦᠯᠢ ᠳᠤ ᠬᠡᠷ ᠪᠠᠶᠢᠰᠢᠩ ᠤᠨ ᠥᠮᠴᠢᠯᠡᠬᠦ ᠡᠷᠬᠡ ᠶᠢᠨ | ᠦᠨᠡᠮᠯᠡᠯ ᠢ ᠬᠠᠩᠭᠠᠨ᠎ᠠ︶︔ | ︵ᠲᠠᠪᠤ︶ ᠭᠤᠶᠤᠴᠢᠯᠠᠭᠴᠢ ᠶᠢᠨ ᠳᠣᠣᠷ᠎ᠠ ᠪᠠᠲᠤᠯᠠᠭ᠎ᠠ ᠶᠢᠨ ᠤᠭ ᠮᠠᠲ᠋ᠧᠷᠢᠶᠠᠯ ᠬᠢᠭᠡᠳ ᠪᠠᠭᠤᠯᠭᠠᠪᠤᠷᠢ | ︵ᠵᠢᠷᠭᠤᠭ᠎ᠠ︶ ᠣᠷᠣᠯᠭ᠎ᠠ ᠶᠢᠨ ᠭᠡᠷᠡᠴᠢ᠃ ᠨᠡᠶᠢᠭᠡᠮ ᠲᠣᠭᠤᠷᠢᠭ᠂ ᠬᠦᠭᠡᠪᠦᠷ ᠪᠠᠯᠭᠠᠰᠤᠨ ᠤ ᠵᠠᠰᠠᠭ ᠤᠨ | ᠣᠷᠳᠣᠨ ᠪᠤᠶᠤ ᠠᠵᠢᠯᠴᠢᠨ ᠬᠡᠷᠡᠭᠯᠡᠬᠦ ᠨᠢᠭᠡᠴᠢ ᠠᠴᠠ ᠬᠢᠨᠠᠨ ᠬᠠᠷᠭᠤᠭᠤᠯᠵᠤ᠂ ᠨᠤᠲᠠᠯᠠᠭᠰᠠᠨ ᠭᠡᠷᠡᠴᠢ᠃ | ︵ ᠳᠣᠯᠤᠭ᠎ᠠ︶ ᠬᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠭᠠᠳᠠᠷ ᠣᠷᠣᠨ ᠤ ᠡᠷᠦᠬᠡ ᠠᠮᠠ ᠶᠢᠨ | ᠬᠠᠷᠢᠶ᠎ᠠ ᠲᠠᠢ ᠬᠥᠮᠦᠰ ᠪᠠᠶᠢᠪᠠᠯ᠂ ᠡᠷᠬᠡᠪᠰᠢ ᠪᠠᠶᠢᠭ᠎ᠠ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠭᠥᠷᠳᠡᠬᠦ | ᠥᠬᠡᠶ ᠭᠡᠷᠡᠴᠢ ᠶᠢ ᠬᠠᠩᠭᠠᠬᠤ ᠬᠡᠷᠡᠭᠲᠡᠶ᠃ | ᠵᠢᠷᠭᠤᠭ᠎ᠠ᠂ ᠨᠥᠬᠦᠪᠥᠷᠢ ᠤᠯᠬᠤ ᠪᠠᠷ ᠭᠤᠶᠤᠴᠢᠯᠠᠬᠤ ᠬᠢᠷᠢ ᠬᠡᠮ ᠢ ᠨᠢ ᠬᠠᠰᠤᠨ᠎ᠠ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢ ᠭᠤᠶᠤᠴᠢᠯᠠᠭᠰᠠᠨ ᠬᠡᠷ | ᠪᠦᠯᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠭᠤᠶᠤᠴᠢᠯᠠᠭᠴᠢ ᠶᠢᠨ ᠨᠥᠬᠦᠪᠥᠷᠢ ᠤᠯᠬᠤ ᠬᠢᠷᠢ ᠬᠡᠮ ᠢ | ᠬᠦᠴᠦᠨ ᠥᠬᠡᠶ ᠪᠣᠯᠭᠠᠨ᠎ᠠ᠃ | ︵ᠨᠢᠭᠡ︶ ᠭᠤᠶᠤᠴᠢᠯᠠᠭᠴᠢ ᠣᠷᠣᠨ ᠰᠠᠭᠤᠴᠠ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠦᠭᠰᠡᠨ | ᠦᠭᠡᠢ︔ | ︵ᠬᠤᠶᠠᠷ︶ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠤ ᠣᠷᠣᠯᠭ᠎ᠠ ᠶᠢᠨ ᠪᠠᠶᠢᠳᠠᠯ ᠨᠢ ᠮᠠᠨ ᠤ | ᠬᠤᠰᠢᠭᠤᠨ ᠤ ᠳᠣᠤᠷ᠎ᠠ ᠣᠷᠣᠯᠭ᠎ᠠ ᠶᠢᠨ ᠪᠠᠷᠢᠮᠵᠢᠶ᠎ᠠ ᠠᠴᠠ ᠥᠨᠳᠥᠷ ᠪᠠᠶᠢᠬᠤ︔ | ︵ᠭᠤᠷᠪᠠ︶ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠨᠢ ᠬᠢᠮᠳᠠ ᠲᠦᠷᠢᠶᠡᠰᠦᠨ ᠬᠡᠷ | ᠪᠠᠶᠢᠰᠢᠩ ᠳᠤ ᠨᠢᠭᠡᠨᠲᠡ ᠣᠷᠣᠵᠤ ᠰᠠᠭᠤᠭᠰᠠᠨ ᠪᠤᠶᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠨᠥᠬᠦᠪᠥᠷᠢ ᠶᠢ ᠨᠢᠭᠡᠨᠲᠡ ᠭᠥᠷᠳᠡᠭᠰᠡᠨ ᠬᠡᠷ ᠪᠦᠯᠢ ᠵᠢᠴᠢ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠤᠨ ᠥᠭᠡᠷᠡᠴᠢᠯᠡᠯᠲᠡ ᠶᠢᠨ ᠲᠠᠲᠠᠪᠤᠷᠢᠯᠠᠭᠰᠠᠨ ᠨᠥᠬᠦᠪᠥᠷᠢ ᠪᠠ ᠲᠥᠪᠬᠢᠨᠡᠭᠦᠯᠦᠯᠲᠡ ᠶᠢ ᠨᠢᠭᠡᠨᠲᠡ | ᠭᠥᠷᠳᠡᠭᠰᠡᠨ ᠬᠡᠷ ᠪᠦᠯᠢ ᠨᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢ ᠳᠠᠭᠢᠵᠤ | ᠠᠪᠴᠤ ᠪᠣᠯᠬᠤ ᠥᠬᠡᠶ᠃ | ᠲᠣᠯᠤᠭ᠎ᠠ᠂ ᠨᠥᠬᠦᠪᠥᠷᠢ ᠥᠭᠬᠦ ᠬᠢᠷᠢ ᠬᠡᠮ ᠢ ᠬᠦᠴᠦᠨ ᠥᠬᠡᠶ ᠪᠣᠯᠭᠠᠨ᠎ᠠ | ᠪᠠᠲᠤᠯᠠᠭ᠎ᠠ ᠶᠢᠨ ᠬᠡᠷ ᠪᠦᠯᠢ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠳᠤ᠂ ᠪᠠᠲᠤᠯᠠᠭ᠎ᠠ ᠶᠢᠨ ᠨᠥᠬᠦᠴᠡᠯ ᠯᠦᠭᠡ ᠬᠠᠷᠰᠢᠯᠳᠤᠬᠤ | ᠪᠠᠶᠢᠳᠠᠯ ᠤᠨ ᠨᠢᠭᠡ ᠨᠢ ᠢᠯᠡᠷᠡᠭᠰᠡᠨ ᠪᠠᠶᠢᠪᠠᠯ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠡᠳᠡᠨ ᠤ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢ ᠬᠦᠴᠦᠨ ᠥᠬᠡᠶ ᠪᠣᠯᠭᠠᠨ᠎ᠠ᠃ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠷᠠᠭᠤᠯᠵᠤ᠂ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠭᠡᠷ ᠪᠦᠯᠢ ᠵᠡᠷᠭᠡ ᠭᠤᠣᠯᠳᠠᠯᠭ᠎ᠠ ᠲᠠᠢ | ᠨᠡᠶᠢᠳᠡ ᠴᠣᠭᠴᠠ ᠶᠢᠨ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ | ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠢᠶᠠᠷ ᠲᠦᠷᠦᠭᠦᠯᠡᠭᠦᠯᠦᠨ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠥᠯᠥ ᠬᠥᠳᠡᠯᠬᠦ ᠬᠥᠷᠥᠩᠭᠡ ᠶᠢᠨ ᠲᠥᠪ᠂ ᠬᠦᠭᠡᠪᠦᠷ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠠᠢ | ᠬᠠᠮᠲᠤᠷᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠲᠠ ᠪᠠᠯᠭᠠᠰᠤᠨ ᠤ ᠣᠷᠣᠯᠭ᠎ᠠ ᠪᠠᠭᠠᠲᠠᠶ | ᠣᠷᠣᠨ ᠰᠠᠭᠤᠴᠠ ᠥᠬᠡᠶ ᠬᠡᠷ ᠪᠦᠯᠢ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠢ ᠬᠠᠮᠲᠤ ᠪᠠᠷ ᠠᠬᠢᠭᠤᠯᠤᠨ᠎ᠠ᠃ | ︵ᠬᠤᠶᠠᠷ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠣᠷᠣᠯᠭ᠎ᠠ | ᠪᠠᠭᠠᠲᠠᠶ ᠣᠷᠣᠨ ᠰᠠᠭᠤᠴᠠ ᠥᠬᠡᠶ ᠬᠡᠷ ᠪᠦᠯᠢ ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠰᠣᠨᠢᠨ ᠮᠡᠳᠡᠭᠡᠨ ᠤ | ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠦᠢᠯᠡᠳᠣᠯ ᠢ ᠭᠦᠢᠴᠡᠳ ᠪᠠᠳᠠᠷᠠᠭᠤᠯᠵᠤ᠂ | ᠨᠠᠩ ᠣᠯᠠᠨ ᠣᠷᠣᠨ ᠰᠠᠭᠤᠴᠠ ᠶᠢᠨ ᠬᠦᠴᠢᠷᠳᠡᠯᠲᠡᠶ ᠣᠯᠠᠨ ᠲᠦᠮᠡᠨ ᠳᠤ ᠣᠷᠣᠨ ᠰᠠᠭᠤᠴᠠ ᠶᠢᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠨ᠎ᠡ | ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | | | | | | |