︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠸᠠᠷ ᠤᠨ ᠬᠡᠷ ᠪᠠᠶᠢᠰᠢᠩ ᠤᠨ ᠬᠠᠮᠲᠤ ᠪᠠᠷ ᠬᠡᠷᠡᠭᠯᠡᠬᠦ ᠬᠡᠰᠡᠭ ᠤᠨ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/5/26
ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠤ ᠠᠬᠤᠶᠢᠯᠠᠯ ᠳᠤ᠄      ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠸᠠᠷ ᠤᠨ ᠬᠡᠷ ᠪᠠᠶᠢᠰᠢᠩ ᠤᠨ ᠬᠠᠮᠲᠤ ᠪᠠᠷ ᠬᠡᠷᠡᠭᠯᠡᠬᠦ ᠬᠡᠰᠡᠭ ᠤᠨ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠲᠦᠭᠡᠶ᠃                         2023 ᠣᠨ ᠤ 4 ᠰᠠᠷ᠎ᠠ ᠶᠢᠨ 18       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠸᠠᠷ ᠤᠨ ᠬᠡᠷ ᠪᠠᠶᠢᠰᠢᠩ ᠤᠨ ᠬᠠᠮᠲᠤ ᠪᠠᠷ ᠬᠡᠷᠡᠭᠯᠡᠬᠦ ᠬᠡᠰᠡᠭ ᠤᠨ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ᠄      ᠨᠢᠭᠡᠳᠣᠭᠡᠷ ᠵᠦᠢᠯ    ︽ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 1998 ︺ 23 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠬᠤᠳᠠᠯᠳᠤᠭᠰᠠᠨ ᠤ ᠳᠠᠷᠠᠭᠠᠬᠢ ᠰᠡᠯᠪᠢᠨ ᠵᠠᠰᠠᠬᠤ ᠬᠠᠮᠢᠶᠠᠷᠤᠯᠲᠠ ᠶᠢ ᠪᠠᠲᠤᠯᠠᠨ᠂ ᠣᠷᠣᠨ ᠰᠠᠭᠤᠴᠠ ᠶᠢᠨ ᠥᠮᠴᠢᠯᠡᠯ ᠤᠨ ᠡᠷᠬᠡᠲᠦ ᠬᠥᠮᠦᠨ ᠪᠠ ᠬᠡᠷᠡᠭᠯᠡᠭᠴᠢ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ᠲᠣᠰ ᠠᠷᠭ᠎ᠠ ᠨᠢ ᠮᠠᠨ ᠤ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠳᠤ ᠳᠣᠭᠢᠷᠠᠨ᠎ᠠ᠂ ᠠᠯᠢᠪᠠ ᠲᠠᠸᠠᠷ ᠤᠨ ᠬᠡᠷ ᠪᠠᠶᠢᠰᠢᠩ ᠢ ᠬᠤᠳᠠᠯᠳᠤᠭᠰᠠᠨ ᠤ ᠳᠠᠷᠠᠭ᠎ᠠ ᠴᠥᠮ ᠣᠷᠣᠨ ᠰᠠᠭᠤᠴᠠ ᠶᠢᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠰᠠᠭᠤᠷᠢ ᠮᠥᠩᠭᠦ ︵ᠳᠣᠷᠣᠭᠰᠢ ︽ᠰᠡᠯᠪᠢᠨ ᠵᠠᠰᠠᠬᠤ ᠰᠠᠭᠤᠷᠢ ᠮᠥᠩᠭᠦ︾ ᠭᠡᠵᠦ ᠲᠣᠪᠴᠢᠯᠠᠨ᠎ᠠ︶ ᠶᠢ ᠪᠠᠶᠢᠭᠤᠯᠬᠤ ᠬᠡᠷᠡᠭᠲᠡᠶ᠃      ᠭᠤᠷᠪᠠᠳᠣᠭᠠᠷ ᠵᠦᠢᠯ    ᠲᠣᠰ ᠠᠷᠭ᠎ᠠ ᠶᠢᠨ ᠬᠠᠮᠳᠣ ᠪᠠᠷ ᠬᠡᠷᠡᠭᠯᠡᠬᠦ ᠣᠷᠣᠨ ᠪᠠᠶᠢᠷᠢ ᠭᠡᠳᠡᠭ ᠨᠢ ᠣᠷᠣᠨ ᠰᠠᠭᠤᠴᠠ ᠶᠢᠨ ᠭᠤᠤᠯ ᠴᠣᠭᠴᠠ ᠶᠢᠨ ᠬᠦᠨᠳᠦ ᠶᠢ ᠳᠠᠭᠠᠭᠠᠬᠤ ᠪᠦᠲᠦᠴᠡ ᠶᠢᠨ ᠣᠷᠣᠨ ᠪᠠᠶᠢᠷᠢ ︵ᠰᠠᠭᠤᠷᠢ᠂ ᠳᠣᠲᠣᠷ᠎ᠠ ᠭᠠᠳᠠᠨᠠᠬᠢ ᠬᠦᠨᠳᠦ ᠶᠢ ᠳᠠᠭᠠᠭᠠᠬᠤ ᠬᠡᠷᠡᠮ᠂ ᠲᠤᠯᠭᠠᠭᠤᠷ᠂ ᠨᠢᠷᠤᠭᠤ᠂ ᠠᠰᠠᠷ ᠤᠨ ᠬᠠᠪᠲᠠᠰᠤ᠂ ᠬᠡᠷ ᠤᠨ ᠣᠷᠣᠶ ᠵᠡᠷᠭᠡ ᠶᠢ ᠪᠠᠭᠲᠠᠭᠠᠨ᠎ᠠ︶᠂ ᠬᠡᠷ ᠤᠨ ᠭᠠᠳᠠᠨᠠᠬᠢ ᠬᠡᠷᠡᠮ ᠤᠨ ᠨᠢᠭᠤᠷ᠂ ᠡᠭᠦᠳᠡᠨ ᠲᠢᠩᠬᠢᠮ᠂ ᠠᠰᠠᠷ ᠤᠨ ᠱᠠᠲᠤᠨ ᠤ ᠬᠤᠭᠤᠷᠣᠨᠳᠣᠬᠢ ᠬᠤᠩᠭᠢᠯ᠂ ᠨᠡᠪᠲᠡᠷᠡᠬᠦ ᠵᠠᠮ ᠵᠡᠷᠭᠡ ᠶᠢ ᠵᠢᠭᠠᠵᠤ ᠪᠣᠶ︔ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠭᠡᠳᠡᠭ ᠨᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠪᠤᠶᠤ ᠭᠠᠭᠴᠠ ᠰᠠᠭᠤᠷᠢ ᠣᠷᠣᠨ ᠰᠠᠭᠤᠴᠠ ᠶᠢᠨ ᠳᠣᠲᠣᠷ᠎ᠠ᠂ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠢ ᠨᠢᠭᠡᠨᠲᠡ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠬᠠᠩᠰᠢ ᠳᠤ ᠬᠤᠪᠢᠶᠠᠨ ᠨᠣᠭᠳᠠᠭᠤᠯᠤᠭᠰᠠᠨ ᠳᠡᠭᠡᠭᠰᠢ ᠳᠣᠷᠣᠭᠰᠢ ᠬᠡᠷᠡᠭᠯᠡᠬᠦ ᠤᠰᠤᠨ ᠬᠤᠭᠤᠯᠠᠶ᠂ ᠤᠰᠤ ᠲᠠᠲᠠᠷᠠᠭᠤᠯᠬᠤ ᠬᠤᠭᠤᠯᠠᠶ᠂ ᠤᠰᠤᠨ ᠬᠠᠶᠢᠷᠴᠠᠭ᠂ ᠳᠠᠷᠤᠯᠲᠠᠲᠤ ᠤᠰᠤᠨ ᠬᠥᠭᠡᠷᠭᠡ᠂ ᠴᠠᠬᠢᠯᠭᠠᠨ ᠱᠠᠳᠤ᠂ ᠴᠠᠬᠢᠯᠭᠠᠨ ᠬᠠᠩᠭᠠᠬᠤ ᠱᠤᠭᠤᠮ᠂ ᠳᠤᠯᠠᠭᠠᠮᠵᠢ ᠶᠢᠨ ᠬᠤᠭᠤᠯᠠᠶ᠂ ᠭᠠᠯ ᠤᠨᠲᠠᠷᠠᠭᠠᠬᠤ ᠲᠥᠬᠦᠭᠡᠷᠦᠮᠵᠢ᠂ ᠨᠣᠭᠤᠭᠠᠨ ᠵᠦᠯᠭᠡ᠂ ᠵᠠᠮ᠂ ᠵᠠᠮ ᠤᠨ ᠳ᠋ᠧᠩ᠂ ᠨᠠᠭᠤᠷ᠂ ᠬᠤᠳᠳᠤᠭ᠂ ᠡᠵᠡᠩᠨᠡᠯᠲᠡ ᠶᠢᠨ ᠪᠤᠰᠤ ᠴᠢᠨᠠᠷᠲᠠᠶ ᠲᠡᠷᠭᠡᠨ ᠵᠣᠭᠰᠣᠭᠠᠯ ᠤᠨ ᠲᠡᠷᠭᠡᠨ ᠬᠥᠮᠥᠷᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠪᠠ ᠬᠠᠮᠲᠤ ᠶᠢᠨ ᠬᠡᠷᠡᠭᠯᠡᠭᠡᠨ ᠤ ᠲᠥᠬᠦᠭᠡᠷᠦᠮᠵᠢ ᠲᠥᠬᠦᠭᠡᠷᠦᠮᠵᠢ ᠳᠤ ᠬᠡᠷᠡᠭᠯᠡᠬᠦ ᠭᠡᠷ ᠪᠠᠶᠢᠰᠢᠩ ᠵᠡᠷᠭᠡ ᠶᠢ ᠪᠠᠭᠲᠠᠭᠠᠨ᠎ᠠ᠃      ᠲᠥᠷᠪᠡᠳᠣᠭᠡᠷ ᠵᠦᠢᠯ      ᠰᠡᠯᠪᠢᠨ ᠵᠠᠰᠠᠬᠤ ᠰᠠᠭᠤᠷᠢ ᠮᠥᠩᠭᠦ ᠶᠢ ᠬᠡᠷᠡᠭᠯᠡᠬᠦ ᠳᠤ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠵᠠᠷᠯᠢᠭ 165 ᠳ᠋ᠤᠭᠠᠷ ᠲᠣᠭᠠᠲᠤ︶ ᠶᠢ ᠬᠡᠷᠡᠭᠵᠢᠭᠦᠯᠵᠦ᠂ ᠣᠷᠣᠨ ᠰᠠᠭᠤᠴᠠ ᠶᠢᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢᠨ ᠵᠠᠰᠠᠬᠤ ᠶᠢ ᠪᠠᠲᠤᠯᠠᠬᠤ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠶᠡᠭᠡ ᠪᠠᠷ ᠵᠠᠰᠠᠬᠤ᠂ ᠰᠢᠨᠡᠳᠬᠡᠬᠦ᠂ ᠥᠭᠡᠷᠡᠴᠢᠯᠡᠬᠦ ᠳᠤ ᠲᠤᠰᠬᠠᠶ ᠬᠡᠷᠡᠭᠯᠡᠨ᠎ᠡ᠃      ᠲᠠᠪᠤᠳᠤᠭᠠᠷ ᠵᠦᠢᠯ     ᠰᠡᠯᠪᠢᠨ ᠵᠠᠰᠠᠬᠤ ᠰᠠᠭᠤᠷᠢ ᠮᠥᠩᠭᠦ ᠶᠢ ᠬᠤᠷᠢᠶᠠᠨ ᠠᠪᠴᠤ ᠳᠠᠭᠤᠰᠤᠭᠰᠠᠨ ᠤ ᠲᠠᠷᠠᠭ᠎ᠠ᠂ ᠪᠠᠩᠬᠢ ᠶᠢᠨ ᠲᠤᠰᠬᠠᠶ ᠲᠠᠩᠰᠠᠨ ᠡᠷᠦᠭᠡ ᠳᠤ ᠬᠠᠳᠠᠭᠠᠯᠠᠨ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ ᠰᠡᠯᠪᠢᠨ ᠵᠠᠰᠠᠬᠤ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠡᠯᠪᠢᠨ ᠵᠠᠰᠠᠬᠤ ᠰᠠᠭᠤᠷᠢ ᠮᠥᠩᠭᠦ ᠶᠢ ᠰᠤᠯᠠ ᠲᠠᠯᠪᠢᠬᠤ ᠦᠶ᠎ᠡ ᠳᠤ᠂ ᠤᠯᠤᠰ ᠤᠨ ᠵᠢᠭᠡᠯᠡᠯᠭᠡ ᠶᠢ ᠬᠤᠳᠠᠯᠳᠤᠨ ᠠᠪᠬᠤ ᠳᠤ ᠬᠡᠷᠡᠭᠯᠡᠬᠦ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠦᠷᠢᠶ᠎ᠡ ᠬᠡᠪᠴᠢᠶᠡᠨ ᠳᠤ ᠬᠡᠷᠡᠭᠯᠡᠬᠦ ᠶᠢ ᠭᠠᠷᠭᠠᠪᠠᠯ᠂ ᠪᠤᠰᠤᠳ ᠵᠦᠢᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃       ᠵᠢᠷᠭᠤᠳᠣᠭᠠᠷ ᠵᠦᠢᠯ     ᠮᠠᠨ ᠤ ᠬᠤᠰᠢᠭᠤᠨ ᠤ ᠪᠣᠳᠠᠲᠠᠶ ᠪᠠᠶᠢᠳᠠᠯ ᠢ ᠦᠨᠳᠦᠰᠦᠯᠡᠪᠡᠯ᠂ ᠲᠠᠸᠠᠷ ᠤᠨ ᠣᠷᠣᠨ ᠰᠠᠭᠤᠴᠠ ᠶᠢ ᠤᠷᠢᠳᠴᠢᠯᠠᠨ ᠬᠤᠳᠠᠯᠳᠤᠬᠤ ᠦᠶ᠎ᠡ ᠳᠤ᠂ ᠬᠡᠷ ᠬᠤᠳᠠᠯᠳᠤᠨ ᠠᠪᠤᠭᠴᠢ ᠨᠢ ᠬᠡᠷ ᠬᠤᠳᠠᠯᠳᠤᠬᠤ ᠨᠢᠭᠡᠴᠡ ᠲᠠᠢ ᠰᠡᠯᠪᠢᠨ ᠵᠠᠰᠠᠬᠤ ᠰᠠᠭᠤᠷᠢ ᠮᠥᠩᠭᠦ ᠶᠢᠨ ᠵᠣᠭᠤᠰ ᠲᠤᠰᠢᠶᠠᠬᠤ ᠪᠣᠯᠵᠤᠭ᠎ᠠ ᠲᠣᠭᠲᠠᠵᠤ᠂ ᠬᠡᠷ ᠬᠤᠳᠠᠯᠳᠤᠨ ᠠᠪᠤᠭᠴᠢ ᠨᠢ ᠳᠣᠤᠷᠠᠬᠢ ᠪᠠᠷᠢᠮᠵᠢᠶ᠎ᠠ ᠪᠠᠷ ᠬᠡᠷ ᠬᠤᠳᠠᠯᠳᠤᠬᠤ ᠨᠢᠭᠡᠴᠡ ᠳᠤ ᠰᠡᠯᠪᠢᠨ ᠵᠠᠰᠠᠬᠤ ᠰᠠᠭᠤᠷᠢ ᠮᠥᠩᠭᠦ ᠲᠤᠰᠢᠶᠠᠵᠤ᠂ ᠪᠣᠷᠣᠯᠠᠭᠤᠯᠤᠯᠲᠠ ᠶᠢᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ᠃ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠨᠢᠭᠡᠴᠡ ᠠᠴᠠ ᠠᠳᠠᠯ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠢᠭᠡᠳᠦᠯᠲᠡᠶ ᠲᠤᠰᠢᠶᠠᠵᠤ ᠨᠢᠭᠡᠳᠦᠯᠲᠡᠶ ᠬᠠᠮᠢᠶᠠᠷᠤᠭᠤᠯᠤᠨ᠎ᠠ᠃ ᠪᠣᠳᠠᠲᠠᠶ ᠪᠠᠷᠢᠮᠵᠢᠶ᠎ᠠ ᠨᠢ ᠳᠣᠤᠷᠠᠬᠢ ᠮᠡᠲᠦ᠄ ︵ᠨᠢᠭᠡ︶ ᠣᠯᠠᠨ ᠳᠠᠪᠬᠤᠷᠭᠠᠲᠤ ᠣᠷᠣᠨ ᠰᠠᠭᠤᠴᠠ ᠶᠢ ᠲᠡᠭᠰᠢ ᠳᠥᠷᠪᠡᠯᠵᠢᠨ ᠮᠧᠲᠷ ᠪᠦᠷᠢ ᠠᠴᠠ 20 ᠲᠥᠭᠦᠷᠢᠭ ᠢᠶᠠᠷ ᠬᠤᠷᠢᠶᠠᠨ᠎ᠠ ︵ᠪᠦᠬᠦᠯᠢ ᠴᠣᠭᠴᠠ ᠪᠠᠷ ᠢᠶᠠᠨ ᠵᠢᠷᠭᠤᠭᠠᠨ ᠳᠠᠪᠬᠤᠷ ᠵᠢᠴᠢ ᠵᠢᠷᠭᠤᠭᠠᠨ ᠳᠠᠪᠬᠤᠷᠭ᠎ᠠ ᠠᠴᠠ ᠳᠣᠷᠣᠭᠰᠢ︶︔ ︵ᠬᠤᠶᠠᠷ︶ ᠥᠨᠳᠥᠷ ᠳᠠᠪᠬᠤᠷᠭᠠᠲᠤ ᠣᠷᠣᠨ ᠰᠠᠭᠤᠴᠠ ᠶᠢ ᠲᠡᠭᠰᠢ ᠳᠥᠷᠪᠡᠯᠵᠢᠨ ᠮᠧᠲᠷ ᠪᠦᠷᠢ ᠠᠴᠠ 30 ᠲᠥᠭᠦᠷᠢᠭ ᠢᠶᠠᠷ ᠬᠤᠷᠢᠶᠠᠵᠤ ᠠᠪᠤᠨ᠎ᠠ︔ ︵ᠭᠤᠷᠪᠠ︶ ᠬᠤᠳᠠᠯᠳᠤᠭᠠᠨ ᠤ ᠭᠡᠷ ᠪᠠᠶᠢᠰᠢᠩ ᠢ ᠲᠡᠭᠰᠢ ᠳᠥᠷᠪᠡᠯᠵᠢᠨ ᠮᠧᠲᠷ ᠪᠦᠷᠢ ᠠᠴᠠ 40 ᠲᠥᠭᠦᠷᠢᠭ ᠢᠶᠠᠷ ᠬᠤᠷᠢᠶᠠᠨ᠎ᠠ︔ ︵ᠳᠥᠷᠪᠡ︶ ᠣᠷᠣᠨ ᠰᠠᠭᠤᠴᠠ ᠶᠢᠨ ᠪᠤᠰᠤ ᠭᠠᠵᠠᠷ ᠠᠴᠠ ᠲᠡᠭᠰᠢ ᠳᠥᠷᠪᠡᠯᠵᠢᠨ ᠮᠧᠲᠷ ᠪᠦᠷᠢ ᠠᠴᠠ 10 ᠲᠥᠭᠦᠷᠢᠭ ᠢᠶᠠᠷ ᠬᠤᠷᠢᠶᠠᠵᠤ ᠠᠪᠤᠨ᠎ᠠ᠃ ᠰᠡᠯᠪᠢᠨ ᠵᠠᠰᠠᠬᠤ ᠰᠠᠭᠤᠷᠢ ᠮᠥᠩᠭᠦ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠠᠴᠠ ᠭᠡᠷ ᠪᠠᠶᠢᠰᠢᠩ ᠢᠶᠠᠨ ᠪᠣᠷᠣᠯᠠᠭᠤᠯᠬᠤ ᠦᠶ᠎ᠡ ᠳᠤ ᠬᠤᠷᠢᠶᠠᠨ ᠠᠪᠴᠤ᠂ ᠬᠤᠷᠢᠶᠠᠨ ᠠᠪᠬᠤ ᠳᠠᠭᠠᠨ ᠭᠡᠷ ᠬᠤᠳᠠᠯᠳᠤᠨ ᠠᠪᠤᠭᠴᠢ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠦᠢᠯᠡᠳᠴᠦ ᠲᠠᠷᠬᠠᠭᠠᠭᠰᠠᠨ ᠫᠢᠶᠣᠣ ᠪᠠᠷᠢᠮᠲᠠ ᠶᠢ ᠪᠢᠴᠢᠵᠦ ᠥᠭᠬᠦ ᠬᠡᠷᠡᠭᠲᠡᠶ᠃ ᠰᠡᠯᠪᠢᠨ ᠵᠠᠰᠠᠬᠤ ᠰᠠᠭᠤᠷᠢ ᠮᠥᠩᠭᠦ ᠶᠢ ᠲᠤᠭ᠎ᠠ ᠶᠣᠰᠣᠭᠠᠷ ᠭᠦᠢᠴᠡᠳ ᠲᠤᠰᠢᠶᠠᠬᠤ ᠶᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠭᠦᠢᠴᠡᠳᠭᠡᠬᠦ ᠶᠢᠨ ᠤᠷᠢᠳᠠᠴᠢ ᠨᠥᠬᠦᠴᠡᠯ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠭᠦᠢᠴᠡᠳᠭᠡᠬᠦ ᠳᠡᠭᠡᠨ᠂ ᠰᠡᠯᠪᠢᠨ ᠵᠠᠰᠠᠬᠤ ᠰᠠᠭᠤᠷᠢ ᠮᠥᠩᠭᠦ ᠶᠢᠨ ᠰᠦᠢᠳᠭᠡᠯ ᠲᠤᠰᠢᠶᠠᠭᠰᠠᠨ ᠭᠡᠷᠡᠴᠢ ᠪᠠᠷᠢᠮᠲᠠ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠵᠤ᠂ ᠪᠠᠭᠤᠯᠭᠠᠪᠤᠷᠢ ᠶᠢ ᠦᠯᠡᠳᠡᠭᠡᠨ ᠬᠠᠳᠠᠭᠠᠯᠠᠵᠤ ᠳᠠᠩᠰᠠᠯᠠᠭᠤᠯᠬᠤ ᠬᠡᠷᠡᠭᠲᠡᠶ᠂ ᠡᠰᠡ ᠲᠡᠭᠡᠪᠡᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ  ᠭᠦᠢᠴᠡᠳᠭᠡᠵᠦ ᠥᠭᠬᠦ ᠥᠬᠡᠶ᠃      ᠲᠣᠯᠣᠳᠣᠭᠠᠷ ᠵᠦᠢᠯ    ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ ᠪᠠᠶᠢᠭᠤᠯᠤᠭᠳᠠᠭᠰᠠᠨ ᠤ ᠳᠠᠷᠠᠭ᠎ᠠ᠂ ᠥᠮᠴᠢᠲᠡᠨ ᠤ ᠵᠥᠪᠯᠡᠯ ᠢᠶᠠᠷ ᠵᠥᠪᠰᠢᠶᠡᠷᠡᠭᠦᠯᠦᠭᠡᠳ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠡᠯᠪᠢᠨ ᠵᠠᠰᠠᠬᠤ ᠰᠠᠭᠤᠷᠢ ᠮᠥᠩᠭᠦ ᠶᠢ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠳᠤ ᠰᠢᠯᠵᠢᠭᠦᠯᠦᠨ ᠲᠤᠰᠢᠶᠠᠵᠤ ᠣᠷᠣᠯᠠᠨ ᠬᠠᠮᠢᠶᠠᠷᠤᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠥᠮᠴᠢᠲᠡᠨ ᠤ ᠵᠥᠪᠯᠡᠯ ᠤᠨ ᠪᠠᠶᠢᠴᠠᠭᠠᠯᠲᠠ ᠪᠠ ᠬᠢᠨᠠᠯᠲᠠ ᠶᠢ ᠬᠦᠯᠢᠶᠡᠨ᠎ᠡ᠃      ᠨᠠᠶᠢᠮᠠᠳᠣᠭᠠᠷ ᠵᠦᠢᠯ     ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠳᠤ ᠬᠤᠪᠢᠷᠠᠯᠲᠠ ᠭᠠᠷᠪᠠᠯ᠂ ᠣᠷᠣᠯᠠᠨ ᠬᠠᠮᠢᠶᠠᠷᠴᠤ ᠪᠥᠬᠦᠶ ᠰᠡᠯᠪᠢᠨ ᠵᠠᠰᠠᠬᠤ ᠰᠠᠭᠤᠷᠢ ᠮᠥᠩᠭᠦ ᠶᠢᠨ ᠲᠠᠩᠰᠠ ᠬᠠᠷ᠎ᠠ ᠶᠢ ᠥᠮᠴᠢᠲᠡᠨ ᠤ ᠵᠥᠪᠯᠡᠯ ᠢᠶᠠᠷ ᠬᠢᠨᠠᠭᠤᠯᠤᠭᠠᠳ ᠪᠤᠷᠤᠭᠤ ᠥᠬᠡᠶ ᠪᠣᠯ᠂ ᠲᠠᠩᠰᠠᠨ ᠡᠷᠦᠬᠡ ᠶᠢ ᠰᠢᠯᠵᠢᠭᠦᠯᠬᠦ ᠭᠠᠷᠳᠠᠮ ᠢ ᠭᠦᠢᠴᠡᠳᠭᠡᠵᠦ᠂ ᠲᠠᠩᠰᠠᠨ ᠡᠷᠦᠬᠡ ᠶᠢ ᠰᠢᠯᠵᠢᠭᠦᠯᠬᠦ ᠭᠠᠷᠳᠠᠮ ᠢ ᠬᠤᠶᠠᠷ ᠲᠠᠯ᠎ᠠ ᠪᠠᠷ ᠢᠶᠠᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠲᠤᠬᠠᠶ ᠶᠢᠨ ᠭᠠᠵᠠᠷ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠮᠴᠢᠲᠡᠨ ᠤ ᠵᠥᠪᠯᠡᠯ ᠳᠤ ᠬᠦᠷᠭᠡᠵᠦ ᠳᠠᠩᠰᠠᠯᠠᠭᠤᠯᠬᠤ ᠬᠡᠷᠡᠭᠲᠡᠶ᠃       ᠶᠢᠰᠦᠳᠣᠭᠡᠷ ᠵᠦᠢᠯ    ᠥᠮᠴᠢᠲᠡᠨ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠨ ᠰᠢᠯᠵᠢᠭᠦᠯᠦᠨ ᠥᠭᠬᠦ ᠦᠶ᠎ᠡ ᠳᠤ᠂ ᠦᠯᠡᠳᠡᠪᠦᠷᠢ ᠰᠡᠯᠪᠢᠨ ᠵᠠᠰᠠᠬᠤ ᠰᠠᠭᠤᠷᠢ ᠮᠥᠩᠭᠦ ᠶᠢ ᠪᠤᠴᠠᠭᠠᠵᠤ ᠥᠭᠬᠦ ᠦᠭᠡᠢ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠳᠠᠭᠠᠯᠳᠤᠭᠤᠯᠤᠨ ᠬᠠᠮᠲᠤ ᠳᠤᠨᠢ ᠡᠷᠦᠬᠡ ᠰᠢᠯᠵᠢᠭᠦᠯᠦᠨ᠎ᠡ᠃       ᠠᠷᠪᠠᠳᠤᠭᠠᠷ ᠵᠦᠢᠯ      ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠵᠢᠯᠣᠭᠤᠳᠬᠤ᠂ ᠵᠣᠬᠢᠴᠠᠭᠤᠯᠬᠤ᠂ ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃     ᠠᠷᠪᠠᠨ ᠨᠢᠭᠡᠳᠦᠭᠡᠷ ᠵᠦᠢᠯ     ᠲᠣᠰ ᠠᠷᠭ᠎ᠠ ᠶᠢ ᠴᠠᠬᠠᠷ ᠪᠠᠷᠠᠭᠤᠨ ᠬᠤᠰᠢᠭᠤᠨ ᠤ ᠳᠤᠮᠳᠠᠳᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠬᠤᠶᠠᠳᠤᠭᠠᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ             ᠣᠷᠴᠢᠭᠤᠯᠣᠨᠨᠴᠢ᠄  ᠭᠧ ᠲᠣᠸᠠᠨ ᠯᠢᠶᠡᠨ            
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号