︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠬᠦ ᠲᠥᠰᠦᠯ︾ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/5/26
ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                        2023 ᠣᠨ ᠤ 3 ᠰᠠᠷ᠎ᠠ ᠶᠢᠨ 14 ᠤ ᠡᠳᠣᠷ      ᠣᠯᠣᠰ ᠪᠠ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠬᠤᠪᠢᠰᠬᠠᠯ︾ ᠤᠨ ᠲᠤᠬᠠᠶ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠨᠠᠢᠮᠠᠨ ᠶᠠᠮᠤᠨ ᠵᠥᠪᠯᠡᠯ ︽ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠲᠠᠷᠢᠶᠠᠯᠠᠩ ᠨᠡᠶᠢᠭᠡᠮ ᠲᠠᠷᠬᠠᠭᠠᠭᠰᠠᠨ ﹇2021﹈ 1 ᠳ᠋ᠣᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠣᠷᠯᠣᠩ ᠤᠨ ᠬᠤᠪᠢᠰᠬᠠᠯ ᠤᠨ ᠬᠡᠷᠡᠭᠵᠢᠭᠦᠯᠬᠦ ᠲᠥᠰᠦᠯ︾ ︵ᠥᠪᠥᠷ ᠲᠠᠷᠢᠶᠠᠯᠠᠩ ᠮᠠᠯ ᠠᠵᠤ ᠠᠬᠤᠶ ᠥᠰᠥᠭ ︹ 2021 ︺ 113 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶︾ ︵ᠣᠯᠠᠭᠠᠨᠴᠠᠪ ᠤᠨ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠳᠤᠭᠤᠶᠢᠯᠠᠩ ᠤᠨ ᠠᠯᠪᠠᠨ ᠲᠠᠷᠬᠠᠭᠠᠭᠰᠠᠨ ︹ 2022 ︺ 4  ᠳ᠋ᠣᠭᠠᠷ ᠲᠣᠭᠠᠲᠤ︶᠂ ︽ᠤᠯᠠᠭᠠᠨᠴᠠᠪ ᠬᠤᠲᠠ ᠶᠢᠨ 2023 ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠵᠤ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ︵ᠣᠯᠠᠭᠠᠨᠴᠠᠪ ᠤᠨ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠳᠤᠭᠤᠶᠢᠯᠠᠩ ᠠᠯᠪᠠᠨ ᠲᠠᠷᠬᠠᠭᠠᠭᠰᠠᠨ ︹ 2023 ︺ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃     ᠨᠢᠭᠡ᠂ ᠬᠠᠷᠠᠯᠲᠠ ᠶᠢᠨ ᠡᠭᠦᠷᠭᠡ     2023 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠠᠷᠢᠭᠤᠨ ᠴᠡᠪᠡᠷ ᠵᠣᠷᠯᠣᠩ ᠢ 512 ᠪᠠᠶᠢᠭᠤᠯᠵᠤ ᠳᠠᠭᠤᠰᠬᠠᠬᠤ ᠳᠤ᠂ ︽ᠤᠰᠤ ᠲᠠᠢ ᠪᠣᠯᠪᠠᠴᠤ ᠭᠠᠩᠳᠠᠬᠤ ᠥᠬᠡᠶ᠂ ᠬᠤᠷᠳᠤᠨ ᠠᠴᠠ ᠪᠢᠰᠢ ᠣᠳᠠᠭᠠᠨ ᠪᠠᠶᠢᠵᠦ ᠪᠣᠯᠬᠤ ᠦᠭᠡᠢ᠂ ᠠᠷᠪᠢᠳᠠᠬᠤ ᠠᠴᠠ ᠪᠢᠰᠢ ᠴᠦᠭᠡᠳᠬᠦ ᠥᠬᠡᠶ᠂ ᠴᠢᠨᠠᠷ ᠴᠢᠨᠰᠠᠭ᠎ᠠ ᠶᠢ ᠪᠠᠳᠣᠯᠠᠬᠤ ᠬᠡᠷᠡᠭᠯᠡᠬᠦ ᠶᠢ ᠪᠠᠲᠤᠯᠠᠬᠤ︾ ᠠᠵᠢᠯ ᠤᠨ ᠵᠠᠷᠴᠢᠮ ᠢ ᠵᠢᠷᠤᠮᠯᠠᠨ᠂ ᠰᠢᠯᠭᠠᠨ ᠠᠪᠬᠤ ᠠᠵᠢᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ ᠪᠠᠶᠢᠭᠤᠯᠤᠭᠰᠠᠨ ᠡᠷᠦᠬᠡ ᠳᠤ ᠬᠡᠷᠡᠭᠯᠡᠬᠦ ᠵᠣᠷᠯᠣᠩ ᠢ ᠬᠡᠷᠡᠭᠯᠡᠬᠦ ᠳᠤ ᠳᠣᠭᠢᠷᠠᠬᠤ᠂ ᠬᠡᠷᠡᠭᠯᠡᠬᠦ ᠳᠤ ᠰᠠᠶᠢᠨ᠂ ᠬᠡᠷᠡᠭᠯᠡᠬᠦ ᠳᠤ ᠪᠥᠬᠡᠯᠢᠭ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠡᠷ᠂ ᠦᠨᠳᠦᠰᠦᠨ ᠱᠠᠭᠠᠷᠳᠠᠯᠭ᠎ᠠ      ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠎ᠡ᠃ ᠲᠠᠷᠢᠶᠠᠴᠢᠨ ᠡᠷᠤᠭᠡ ᠶᠢᠨ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠶᠢ ᠦᠨᠡᠯᠡᠬᠦ ᠪᠠᠷᠢᠮᠵᠢᠶ᠎ᠠ ᠪᠣᠯᠭᠠᠨ᠎ᠠ᠃ ᠭᠠᠴᠠᠭᠠᠨ ᠤ ᠠᠷᠠᠳ ᠤᠨ ᠬᠤᠷᠠᠯ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠵᠥᠪᠰᠢᠶᠡᠷᠡᠯ ᠦᠭᠡᠢ ᠪᠠᠷ ᠪᠦᠬᠦ᠋ᠢᠯᠡ ᠭᠠᠴᠠᠭᠠᠨ ᠤ ᠵᠣᠷᠯᠣᠩ ᠢ ᠥᠭᠡᠷᠡᠴᠢᠯᠡᠬᠦ ᠶᠢ ᠲᠦᠯᠬᠢᠨ ᠠᠬᠢᠭᠤᠯᠵᠤ ᠪᠣᠯᠬᠤ ᠲᠠᠷᠢᠶᠠᠴᠢᠨ ᠡᠷᠦᠬᠡ ᠪᠠᠷ ᠵᠥᠪᠰᠢᠶᠡᠷᠡᠭᠦᠯᠬᠦ ᠥᠬᠡᠶ ᠪᠣᠯ ᠲᠠᠷᠢᠶᠠᠴᠢᠨ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠠᠯᠪᠠᠳᠠᠯᠭ᠎ᠠ ᠪᠠᠷ ᠠᠬᠢᠭᠤᠯᠵᠤ ᠪᠣᠯᠬᠤ ᠥᠬᠡᠶ︔ ᠲᠠᠷᠢᠶᠠᠴᠢᠨ ᠡᠷᠦᠬᠡ ᠵᠥᠪᠰᠢᠶᠡᠷᠡᠭᠰᠡᠨ ᠪᠣᠯᠪᠠᠴᠤ ᠥᠭᠡᠷᠡᠴᠢᠯᠡᠬᠦ ᠳᠤ ᠲᠣᠬᠢᠷᠠᠮᠵᠢ ᠦᠭᠡᠢ ᠪᠠᠶᠢᠪᠠᠯ᠂ ᠠᠯᠪᠠᠳᠠᠯᠭ᠎ᠠ ᠪᠠᠷ ᠲᠦᠯᠬᠢᠨ ᠠᠬᠢᠭᠤᠯᠬᠤ ᠦᠭᠡᠢ᠃      ᠵᠣᠷᠯᠣᠩ ᠢ ᠥᠭᠡᠷᠡᠴᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠢᠯᠣᠭᠤᠳᠴᠤ᠂ ᠰᠢᠯᠭᠠᠨ ᠠᠪᠬᠤ ᠶᠢ ᠵᠣᠬᠢᠶᠠᠨ ᠪᠠᠶᠢᠭᠤᠯᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠥᠭᠡᠷᠡᠴᠢᠯᠡᠬᠦ ᠡᠷᠦᠬᠡ ᠶᠢᠨ ᠨᠡᠷ᠎ᠡ ᠶᠢ ᠲᠡᠮᠳᠡᠭᠯᠡᠬᠦ ᠠᠵᠢᠯ ᠢ ᠰᠠᠶᠢᠲᠤᠷ ᠬᠢᠵᠦ᠂ ᠵᠣᠷᠯᠣᠩ ᠢ ᠥᠭᠡᠷᠡᠴᠢᠯᠡᠬᠦ ᠡᠷᠦᠬᠡ ᠶᠢᠨ ᠥᠪᠡᠷ ᠢᠶᠠᠨ ᠴᠤᠭᠯᠠᠭᠤᠯᠤᠭᠰᠠᠨ ᠵᠣᠭᠤᠰ ᠢ ᠤᠷᠢᠳᠴᠢᠯᠠᠨ ᠬᠤᠷᠢᠶᠠᠵᠤ᠂ ᠲᠣᠰᠬᠤᠨ ᠤ ᠠᠷᠠᠳ ᠤᠨ ᠵᠥᠪᠯᠡᠯ ᠠᠴᠠ ᠲᠦᠷ ᠨᠢᠭᠡᠳᠦᠯᠲᠡᠶ ᠬᠠᠳᠠᠭᠠᠯᠠᠨ ᠬᠠᠮᠢᠶᠠᠷᠴᠤ᠂ ᠰᠢᠯᠭᠠᠨ ᠠᠪᠤᠭᠰᠠᠨ ᠤ ᠳᠠᠷᠠᠭ᠎ᠠ ᠪᠠᠷᠢᠯᠭ᠎ᠠ ᠶᠢᠨ ᠲᠠᠯ᠎ᠠ ᠳᠤ ᠥᠭᠬᠦ ᠶᠢᠨ ᠬᠠᠮᠲᠤ ᠲᠠᠷᠢᠶᠠᠴᠢᠨ ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃      ᠲᠠᠩᠰᠠ ᠡᠪᠬᠡᠮᠡᠯ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠴᠠ ᠡᠮᠦᠨ᠎ᠡ᠂ ᠳᠤᠮᠳᠠ᠂ ᠠᠷᠤ ᠲᠠᠯ᠎ᠠ ᠶᠢᠨ ᠬᠡᠷᠡᠯ ᠵᠢᠷᠤᠭ ᠢ ᠴᠤᠭᠯᠠᠭᠤᠯᠤᠨ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠬᠡᠯᠪᠡᠷᠢ ᠪᠠᠷ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢᠨ ᠬᠠᠮᠲᠤ ᠡᠯ᠎ᠡ ᠲᠥᠷᠥᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃       ᠭᠤᠷᠪᠡ᠂ ᠵᠣᠷᠯᠣᠩ ᠢ ᠥᠭᠡᠷᠡᠴᠢᠯᠡᠬᠦ ᠵᠠᠭᠪᠤᠷ       ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠳᠤ ︽ᠠᠷᠢᠭᠤᠨ ᠴᠡᠪᠡᠷ᠂ ᠬᠢᠮᠳᠠ᠂ ᠬᠡᠷᠡᠭᠯᠡᠬᠦ ᠳᠤ ᠳᠣᠭᠢᠷᠠᠬᠤ᠂ ᠣᠷᠴᠢᠨ ᠲᠣᠭᠤᠷᠢᠨ ᠢ ᠬᠠᠮᠠᠭᠠᠯᠠᠬᠤ︾ ᠵᠠᠷᠴᠢᠮ ᠢ ᠪᠠᠷᠢᠮᠲᠠᠯᠠᠨ᠂ ᠤᠰᠤ ᠪᠠᠷ ᠤᠬᠢᠶᠠᠬᠤ ᠵᠣᠷᠯᠣᠩ ᠢ ᠬᠡᠷ ᠲᠤ ᠣᠷᠣᠭᠤᠯᠬᠤ᠂ ᠠᠷᠢᠭᠤᠨ ᠴᠡᠪᠡᠷ ᠬᠠᠭᠤᠷᠠᠶ ᠵᠣᠷᠯᠣᠩ ᠢ ᠡᠮᠨᠡᠯᠭᠡ ᠳᠤ ᠣᠷᠣᠭᠤᠯᠬᠤ ᠶᠢ ᠰᠠᠨᠠᠭᠠᠴᠢᠯᠠᠵᠤ᠂ ᠪᠠᠭᠠᠰᠤᠨ ᠪᠣᠷᠳᠣᠭᠤᠷ ᠢ ᠠᠰᠢᠭᠯᠠᠬᠤ ᠶᠢ ᠳᠡᠯᠭᠡᠷᠡᠭᠦᠯᠦᠨ᠎ᠡ᠃ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ ᠲᠤ ᠲᠤᠬᠠᠶ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠪᠠᠶᠢᠳᠠᠯ ᠢ ᠦᠨᠳᠦᠰᠦᠯᠡᠨ᠂ ᠣᠯᠠᠨ ᠲᠦᠮᠡᠨ ᠤ ᠰᠠᠨᠠᠯ ᠢ ᠬᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠤᠰᠤᠨ ᠳᠤ ᠳᠣᠭᠢᠷᠠᠪᠠᠯ ᠤᠰᠤ᠂ ᠭᠠᠩᠳᠠᠬᠤ ᠳᠤ ᠳᠣᠭᠢᠷᠠᠪᠠᠯ ᠭᠠᠩᠳᠠᠬᠤ᠂ ᠲᠥᠬᠦᠮ ᠪᠥᠭᠡᠳ ᠪᠣᠳᠠᠲᠤ ᠬᠡᠷᠡᠭᠴᠡᠭᠡ ᠲᠠᠢ᠂ ᠥᠪᠡᠷ ᠤᠨ ᠥᠷᠲᠡᠭ ᠨᠢ ᠲᠣᠬᠢᠷᠠᠮᠵᠢᠲᠠᠶ᠂ ᠮᠡᠷᠭᠡᠵᠢᠯ ᠨᠢ ᠪᠣᠯᠪᠠᠰᠤᠷᠠᠩᠭᠤᠶ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠬᠤ ᠬᠡᠷᠡᠭᠲᠡᠶ᠃ ᠮᠠᠨ ᠤ ᠬᠤᠰᠢᠭᠤᠨ ᠤ ᠳᠡᠯᠭᠡᠷᠡᠭᠦᠯᠦᠨ ᠪᠠᠶᠢᠭᠤᠯᠬᠤ ᠳᠤ ᠲᠣᠬᠢᠷᠠᠮᠵᠢᠲᠠᠶ ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠨᠢ ᠭᠤᠤᠯᠳᠠᠭᠤ ᠳᠣᠤᠷᠠᠬᠢ ᠮᠡᠲᠦ ᠬᠡᠳᠦᠨ  ᠵᠦᠢᠯ ᠪᠣᠶ᠄      ᠨᠢᠭᠡ ᠳᠤ᠂ ᠬᠦᠷᠢᠶᠡᠨ ᠳᠣᠲᠣᠷᠠᠬᠢ ᠠᠷᠢᠭᠤᠨ ᠴᠡᠪᠡᠷ ᠬᠠᠭᠤᠷᠠᠶ ᠵᠣᠷᠯᠣᠩ ᠤᠨ ᠵᠠᠭᠪᠤᠷ᠃ ᠭᠤᠤᠯ ᠬᠡᠯᠪᠡᠷᠢ ᠨᠢ ᠬᠤᠶᠠᠷ ᠨᠦᠬᠡ ᠪᠠᠷ ᠰᠣᠯᠪᠢᠴᠠᠬᠤ ᠮᠠᠶ᠋ᠢᠭ ᠤᠨ ᠡᠷᠡᠭᠦᠯ ᠬᠠᠮᠠᠭᠠᠯᠠᠯ ᠤᠨ ᠬᠠᠭᠤᠷᠠᠶ ᠵᠣᠷᠯᠣᠩ ᠪᠠ ᠬᠤᠤᠰ ᠪᠤᠳᠤᠩ ᠮᠠᠶ᠋ᠢᠭ ᠤᠨ ᠬᠠᠭᠤᠷᠠᠶ ᠵᠣᠷᠯᠣᠩ ᠢᠶᠠᠷ ᠭᠤᠤᠯᠯᠠᠭᠤᠯᠤᠨ᠎ᠠ᠃      ᠬᠤᠶᠡᠷ ᠲᠤ᠂ ᠬᠡᠷ ᠳᠣᠲᠣᠷᠠᠬᠢ ᠡᠷᠦᠬᠡ ᠶᠢᠨ ᠤᠰᠤ ᠪᠠᠷ ᠤᠬᠢᠶᠠᠬᠤ ᠬᠡᠯᠪᠡᠷᠢ ᠶᠢᠨ ᠵᠠᠭᠪᠤᠷ᠃ ᠭᠤᠤᠯ ᠵᠠᠭᠪᠤᠷ ᠨᠢ ᠪᠣᠬᠢᠷ ᠤᠰᠤᠨ ᠤ ᠬᠤᠭᠤᠯᠠᠶ ᠶᠢ ᠲᠥᠪᠯᠡᠷᠡᠭᠦᠯᠦᠨ ᠡᠷᠦᠬᠡ ᠶᠢᠨ ᠵᠣᠷᠯᠣᠩ ᠢ ᠬᠤᠷᠢᠶᠠᠨ ᠴᠤᠭᠯᠠᠭᠤᠯᠵᠤ᠂ ᠨᠢᠭᠡᠨᠲᠡ ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠤᠨ ᠠᠶᠢᠯ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠡᠷ ᠳᠣᠲᠣᠷ᠎ᠠ ᠪᠥᠲᠥᠭᠡᠨ ᠪᠠᠶᠢᠭᠤᠯᠬᠤ ᠳᠤ ᠳᠣᠭᠢᠷᠠᠨ᠎ᠠ︔ ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠵᠣᠷᠯᠣᠩ ᠢ ᠨᠢᠭᠡᠨᠲᠡ ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠲᠤ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠪᠠᠶᠢᠭᠤᠯᠤᠭᠠᠳᠤᠶ ᠠᠶᠢᠯ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠡᠷ ᠳᠣᠲᠣᠷ᠎ᠠ ᠪᠠᠶᠢᠭᠤᠯᠬᠤ ᠳᠤ ᠲᠣᠬᠢᠷᠠᠮᠵᠢᠲᠠᠶ᠃      ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠵᠣᠷᠯᠣᠩ ᠢ ᠥᠭᠡᠷᠡᠴᠢᠯᠡᠬᠦ ᠵᠠᠭᠪᠤᠷ ᠢ ᠲᠣᠭᠲᠠᠭᠠᠬᠤ ᠳᠠᠭᠠᠨ᠂ ᠡᠷᠦᠬᠡ ᠳᠤ ᠣᠷᠣᠬᠤ ᠵᠣᠷᠯᠣᠩ ᠤᠨ ᠤᠭᠰᠠᠷᠠᠬᠤ ᠣᠷᠣᠨ ᠪᠠᠶᠢᠷᠢ ᠶᠢ ᠭᠦᠢᠴᠡᠳ ᠪᠠᠶᠢᠴᠠᠭᠠᠨ ᠬᠠᠷᠭᠤᠭᠤᠯᠬᠤ ᠶᠢ ᠵᠣᠬᠢᠶᠠᠨ ᠪᠠᠶᠢᠭᠤᠯᠵᠤ᠂ ᠡᠷᠦᠬᠡ ᠳᠤ ᠬᠡᠷᠡᠭᠯᠡᠬᠦ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ ᠢ ᠤᠭᠰᠠᠷᠠᠭᠰᠠᠨ ᠤ ᠳᠠᠷᠠᠭ᠎ᠠ᠂ ᠳᠠᠭᠠᠯᠲᠠ ᠤᠰᠤ ᠬᠠᠩᠭᠠᠬᠤ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠨᠢ ᠬᠥᠯᠳᠡᠬᠦ ᠠᠴᠠ ᠰᠡᠷᠭᠡᠶᠢᠯᠡᠬᠦ ᠨᠥᠬᠦᠴᠡᠯ ᠢ ᠪᠦᠷᠢᠳᠦᠭᠦᠯᠵᠦ᠂ ᠪᠥᠬᠦ ᠵᠢᠯ ᠤᠨ ᠬᠡᠪ ᠤᠨ ᠬᠡᠷᠡᠭᠯᠡᠭᠡᠨ ᠤ ᠦᠨᠳᠦᠰᠦᠨ ᠱᠠᠭᠠᠷᠳᠠᠯᠭ᠎ᠠ ᠶᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠯᠳᠡᠬᠦ ᠠᠴᠠ ᠰᠡᠷᠭᠡᠶᠢᠯᠡᠬᠦ ᠨᠥᠬᠦᠴᠡᠯ ᠥᠬᠡᠶ ᠬᠡᠷ ᠪᠠᠶᠢᠰᠢᠩ ᠳᠤ ᠬᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠪᠠᠶᠢᠭᠤᠯᠵᠤ ᠪᠣᠯᠬᠤ ᠥᠬᠡᠶ᠃ ᠲᠠᠷᠢᠶᠠᠴᠢᠨ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠪᠠᠶᠢᠭᠰᠠᠨ ᠬᠠᠭᠤᠴᠢᠨ ᠵᠣᠷᠯᠣᠩ ᠢ ᠨᠤᠷᠠᠭᠠᠬᠤ ᠬᠡᠷᠡᠭᠲᠡᠶ᠃      ᠲᠥᠷᠪᠡ᠂ ᠪᠥᠳᠥᠭᠡᠨ ᠪᠠᠶᠢᠭᠤᠯᠤᠯᠲᠠ ᠶᠢᠨ ᠦᠢᠯᠡᠳᠦᠭᠰᠡᠨ ᠦᠨ᠎ᠡ ᠪᠠ ᠪᠡᠯᠡ ᠮᠥᠩᠭᠦ ᠶᠢᠨ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ      ᠡᠮᠨᠡᠯᠭᠡ ᠶᠢᠨ ᠬᠤᠷᠢᠶᠠᠨ ᠤ ᠳᠣᠲᠣᠷᠠᠬᠢ ᠠᠷᠢᠭᠤᠨ ᠴᠡᠪᠡᠷ ᠬᠠᠭᠤᠷᠠᠶ ᠵᠣᠷᠯᠣᠩ ᠤᠨ ᠵᠢᠯᠣᠭᠤᠳᠬᠤ ᠴᠢᠨᠠᠷᠲᠠᠶ ᠦᠨ᠎ᠡ ᠬᠠᠩᠰᠢ ᠨᠢ ᠡᠷᠦᠬᠡ ᠪᠦᠷᠢ ᠳᠤ 2900 ᠲᠥᠭᠦᠷᠢᠭ ︵ᠵᠣᠷᠯᠣᠩ ᠤᠨ ᠪᠠᠷᠢᠯᠭ᠎ᠠ ᠶᠢᠨ ᠲᠠᠯᠠᠪᠠᠶ ᠨᠢ 2m2 ᠠᠴᠠ ᠳᠣᠤᠷ᠎ᠠ ᠪᠠᠶᠢᠵᠤ ᠪᠣᠯᠬᠤ ᠥᠬᠡᠶ︶ ᠪᠠᠶᠢᠵᠤ᠂ ᠬᠡᠷ ᠳᠣᠲᠣᠷᠠᠬᠢ ᠡᠷᠦᠬᠡ ᠪᠦᠷᠢ ᠳᠤ ᠬᠡᠷᠡᠭᠯᠡᠬᠦ ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠵᠣᠷᠯᠣᠩ ᠤᠨ ᠵᠢᠯᠣᠭᠤᠳᠬᠤ ᠴᠢᠨᠠᠷᠲᠠᠶ ᠦᠨ᠎ᠡ ᠬᠠᠩᠰᠢ ᠨᠢ ᠡᠷᠦᠬᠡ ᠪᠦᠷᠢ ᠳᠤ 4600 ᠲᠥᠭᠦᠷᠢᠭ ᠪᠣᠯᠤᠨ᠎ᠠ᠃ ᠵᠣᠷᠯᠣᠩ ᠤᠨ ᠬᠤᠪᠢᠰᠬᠠᠯ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 2000 ᠲᠥᠭᠦᠷᠢᠭ᠂ ᠤᠰᠤᠨ ᠵᠣᠷᠯᠣᠩ ᠨᠢᠭᠡᠪᠦᠷᠢ ᠳᠤ 3300 ᠲᠥᠭᠦᠷᠢᠭ᠂ ᠬᠤᠲᠠ ᠶᠢᠨ ᠲᠠᠰ ᠤᠨ ᠬᠠᠭᠤᠷᠠᠶ ᠵᠣᠷᠯᠣᠩ ᠬᠢᠭᠡᠳ ᠤᠰᠤᠨ ᠵᠣᠷᠯᠣᠩ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠢ ᠡᠷᠦᠬᠡ ᠪᠦᠷᠢ ᠳᠤ 500 ᠲᠥᠭᠦᠷᠢᠭ᠂ ᠬᠤᠰᠢᠭᠤᠨ ᠲᠠᠰ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 200 ᠲᠥᠭᠦᠷᠢᠭ᠂ ᠤᠰᠤᠨ ᠵᠣᠷᠯᠣᠩ ᠨᠢ ᠡᠷᠦᠬᠡ ᠪᠦᠷᠢ ᠳᠤ 300 ᠲᠥᠭᠦᠷᠢᠭ᠂ ᠲᠠᠷᠢᠶᠠᠴᠢᠨ ᠡᠷᠦᠬᠡ ᠶᠢᠨ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 200 ᠲᠥᠭᠦᠷᠢᠭ᠂ ᠤᠰᠤᠨ ᠵᠣᠷᠯᠣᠩ ᠨᠢ ᠡᠷᠦᠬᠡ ᠪᠦᠷᠢ ᠳᠤ 500 ᠲᠥᠭᠦᠷᠢᠭ ᠪᠣᠯᠤᠨ᠎ᠠ᠃       ᠲᠠᠪᠦ᠂ ᠬᠡᠷᠡᠭᠵᠢᠭᠦᠯᠬᠦ ᠴᠤᠪᠤᠷᠠᠯ ᠵᠢᠴᠢ ᠪᠡᠶᠡᠯᠡᠭᠦᠯᠬᠦ ᠴᠠᠭ ᠤᠨ ᠬᠢᠵᠠᠭᠠᠷ       ︵ᠨᠢᠭᠡ︶ ᠥᠭᠡᠷᠡᠴᠢᠯᠡᠨ ᠪᠠᠶᠢᠭᠤᠯᠬᠤ ᠪᠠᠷ ᠮᠡᠳᠡᠭᠦᠯᠬᠦ ︵4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 20 ᠤ ᠡᠳᠦᠷ︶    ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠪᠣᠯᠤᠨ ᠭᠠᠴᠠᠭ᠎ᠠ ᠲᠣᠰᠬᠤᠨ ᠨᠢ ᠤᠬᠠᠭᠤᠯᠤᠨ ᠳᠠᠶᠢᠴᠢᠯᠠᠬᠤ᠂ ᠲᠠᠷᠢᠶᠠᠴᠢᠨ ᠡᠷᠦᠬᠡ ᠭᠤᠶᠤᠴᠢᠯᠠᠬᠤ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ᠂ ᠭᠠᠴᠠᠭ᠎ᠠ ᠲᠣᠰᠬᠤᠨ ᠭᠤᠶᠤᠴᠢᠯᠠᠨ ᠮᠡᠳᠡᠭᠦᠯᠬᠦ᠂ ᠰᠤᠮᠤ ᠰᠢᠶᠠᠩ ᠪᠠᠯᠭᠠᠰᠤ ᠬᠢᠨᠠᠨ ᠬᠠᠷᠭᠤᠭᠤᠯᠬᠤ᠂ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠠᠯᠬᠤᠮ ᠳᠠᠷᠠᠭ᠎ᠠ ᠶᠣᠰᠣᠭᠠᠷ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃       ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ︵4 ᠰᠠᠷ᠎ᠠ ᠶᠢᠨ 21 ᠤ ᠡᠳᠦᠷ ᠠᠴᠠ 9 ᠰᠠᠷ᠎ᠠ ᠶᠢᠨ 30 ᠤ ᠡᠳᠦᠷ︶     ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠰᠠᠭᠤᠷᠢ ᠲᠤᠭ᠎ᠠ ᠶᠢ ᠣᠶᠢᠯᠠᠭᠠᠭᠰᠠᠨ ᠰᠠᠭᠤᠷᠢᠨ ᠳᠡᠭᠡᠷ᠎ᠡ᠂ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠤᠷᠢᠶᠠᠨ ᠠᠪᠴᠤ ᠥᠪᠡᠷ ᠲᠡᠭᠡᠨ ᠴᠤᠭᠯᠠᠭᠤᠯᠬᠤ ᠶᠢᠨ ᠬᠠᠮᠲᠤ᠂ ᠦᠨᠳᠦᠰᠦᠨ ᠱᠠᠲᠤᠨ ᠤ ᠺᠠᠳ᠋ᠷ᠂ ᠵᠣᠷᠯᠣᠩ ᠢ ᠥᠭᠡᠷᠡᠴᠢᠯᠡᠬᠦ ᠡᠷᠦᠬᠡ ᠵᠡᠷᠭᠡ ᠳᠤ ᠵᠣᠷᠯᠣᠩ ᠢ ᠥᠭᠡᠷᠡᠴᠢᠯᠡᠬᠦ ᠲᠥᠷᠥ ᠶᠢᠨ ᠪᠣᠳᠣᠯᠭ᠎ᠠ᠂ ᠮᠡᠷᠭᠡᠵᠢᠯ ᠤᠨ ᠵᠢᠷᠤᠮᠵᠢᠯ᠂ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠠᠯ᠎ᠠ ᠪᠠᠷ ᠪᠣᠯᠪᠠᠰᠤᠷᠠᠭᠤᠯᠤᠯ ᠬᠢᠬᠦ ᠬᠡᠷᠡᠭᠲᠡᠶ᠃ ᠤᠯᠤᠰ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠨᠠᠶᠢᠳᠠᠵᠤ ᠪᠠᠷᠢᠯᠭ᠎ᠠ ᠪᠠᠷᠢᠭᠤᠯᠬᠤ ᠪᠤᠶᠤ ᠲᠠᠷᠢᠶᠠᠴᠢᠨ ᠡᠷᠦᠬᠡ ᠶᠢᠨ ᠥᠪᠡᠰᠦᠪᠡᠨ ᠪᠠᠶᠢᠭᠤᠯᠬᠤ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ᠂ ᠵᠣᠷᠯᠣᠩ ᠢ ᠥᠭᠡᠷᠡᠴᠢᠯᠡᠬᠦ ᠬᠤᠭᠤᠴᠠᠭᠠᠨ ᠳᠠᠬᠢ ᠵᠣᠬᠢᠴᠠᠭᠤᠯᠤᠨ ᠬᠢᠨᠠᠨ ᠬᠠᠮᠢᠶᠠᠷᠬᠤ ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃       ︵ᠭᠤᠷᠪᠠ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ︵10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 30 ᠤ ᠡᠳᠦᠷ︶       ᠰᠢᠯᠭᠠᠨ ᠬᠤᠷᠢᠶᠠᠬᠤ ᠳᠤ ᠰᠢᠶᠠᠩ ᠪᠠᠯᠭᠠᠰᠤ ᠥᠪᠡᠷ ᠢᠶᠠᠨ ᠰᠢᠯᠭᠠᠨ ᠪᠠᠶᠢᠴᠠᠭᠠᠬᠤ᠂ ᠬᠤᠰᠢᠭᠤᠨ ᠤ ᠱᠠᠲᠤᠨ ᠤ ᠡᠷᠦᠬᠡ ᠳᠠᠷᠠᠭᠠᠯᠠᠨ ᠳᠠᠬᠢᠨ ᠰᠢᠯᠭᠠᠨ ᠪᠠᠶᠢᠴᠠᠭᠠᠬᠤ᠂ ᠬᠤᠲᠠ ᠶᠢᠨ ᠱᠠᠲᠤᠨ ᠤ 1/3 ᠠᠴᠠ ᠳᠣᠤᠷ᠎ᠠ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠵᠦ᠂ ᠰᠢᠯᠭᠠᠨ ᠬᠤᠷᠢᠶᠠᠬᠤ ᠳᠤ ᠬᠢᠷᠢ ᠲᠡᠩᠴᠡᠪᠡᠯ ᠰᠠᠶ᠋ᠢ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠂ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠤ ᠪᠠᠷᠢᠯᠭ᠎ᠠ ᠪᠠᠷᠢᠬᠤ ᠨᠢᠭᠡᠴᠡ ᠳᠤ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠤᠤᠯ ᠤᠨ ᠲᠠᠰ ᠳᠠᠷᠠᠭᠠᠯᠠᠯ ᠢᠶᠠᠷ ᠳᠠᠭᠢᠵᠤ ᠰᠢᠯᠭᠠᠨ ᠬᠤᠷᠢᠶᠠᠨ᠎ᠠ᠃       ︵ᠲᠥᠷᠪᠡ︶ ᠪᠡᠯᠡ ᠮᠥᠩᠭᠦ ᠰᠠᠯᠭᠠᠨ ᠥᠭᠬᠦ ︵12 ᠳ᠋ᠣᠭᠠᠷ ᠰᠠᠷ᠎ᠠ ᠶᠢᠨ 20 ᠤ ᠡᠳᠦᠷ ᠠᠴᠠ ᠡᠮᠦᠨ᠎ᠡ︶       ᠰᠢᠶᠠᠩ ᠪᠠᠯᠭᠠᠰᠤ ᠥᠪᠡᠰᠦᠪᠡᠨ ᠰᠢᠯᠭᠠᠵᠤ ᠳᠠᠭᠤᠰᠤᠭᠰᠠᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠥᠪᠡᠰᠦᠪᠡᠨ ᠰᠢᠯᠭᠠᠭᠰᠠᠨ ᠮᠡᠳᠡᠭᠦᠯᠦᠯᠲᠡ ᠪᠠ ᠪᠠᠯᠠ ᠮᠥᠩᠭᠦ ᠭᠤᠶᠤᠴᠢᠯᠠᠭᠰᠠᠨ ᠮᠡᠳᠡᠭᠦᠯᠦᠯᠲᠡ ᠪᠠᠨ ᠬᠠᠮᠲᠤ ᠳᠤᠨᠢ ᠮᠡᠳᠡᠭᠦᠯᠦᠨ ᠬᠦᠷᠭᠡᠵᠦ᠂ ᠪᠠᠯᠠ ᠮᠥᠩᠭᠦ ᠰᠢᠯᠵᠢᠭᠦᠯᠦᠨ ᠥᠭᠬᠦ ᠠᠴᠠ ᠡᠮᠦᠨ᠎ᠡ ᠲᠣᠭᠲᠠᠭᠠᠯ ᠶᠣᠰᠣᠭᠠᠷ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠲᠣᠰᠬᠤᠨ ᠳᠤ ᠱᠠᠩᠨᠠᠵᠤ ᠨᠥᠬᠦᠪᠥᠷᠢᠯᠡᠬᠦ ᠪᠠᠯᠠ ᠮᠥᠩᠭᠦ ᠶᠢ ᠬᠤᠰᠢᠭᠤᠨ ᠱᠠᠲᠤᠨ ᠤ ᠰᠦᠯᠵᠢᠶᠡᠨ ᠥᠷᠲᠡᠭᠡ ᠳᠤ ᠢᠯᠡ ᠨᠡᠶᠢᠲᠡᠯᠡᠵᠦ᠂ ᠨᠥᠬᠦᠪᠥᠷᠢ ᠶᠢ ᠡᠷᠦᠬᠡ ᠳᠤ ᠬᠦᠷᠭᠡᠬᠦ ᠪᠠᠯᠠ ᠮᠥᠩᠭᠦ ᠶᠢ ᠲᠣᠰ ᠲᠣᠰᠬᠤᠨ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠱᠠᠭᠠᠷᠳᠠᠯᠭ᠎ᠠ ᠶᠣᠰᠣᠭᠠᠷ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠪᠠᠯᠠ ᠮᠥᠩᠭᠦ ᠰᠢᠯᠵᠢᠭᠦᠯᠦᠨ ᠥᠭᠬᠦ ᠬᠡᠷᠡᠭᠲᠡᠶ      ︵ᠲᠠᠪᠤ︶ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠵᠢᠯᠯᠠᠭᠠᠨ      ᠬᠤᠰᠢᠭᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠠᠮᠢᠶᠠᠷᠴᠤ ᠬᠠᠮᠠᠭᠠᠯᠠᠬᠤ ᠳᠦᠷᠢᠮ ᠢ ᠲᠣᠭᠲᠠᠭᠠᠵᠤ ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢ ᠬᠡᠷᠡᠭᠯᠡᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠤᠷᠢᠳᠠᠪᠠᠷ ᠨᠥᠬᠦᠴᠡᠯ ᠳᠤ ᠨᠡᠶᠢᠴᠡᠬᠦ ᠬᠢᠨᠠᠨ ᠰᠢᠯᠭᠠᠬᠤ ᠡᠷᠦᠬᠡ ᠶᠢ ᠰᠣᠩᠭᠤᠨ ᠤᠷᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠠᠷ ᠡᠷᠦᠬᠡ ᠶᠢᠨ ᠵᠣᠷᠯᠣᠩ ᠤᠨ ᠬᠠᠮᠢᠶᠠᠷᠤᠭᠴᠢ ᠪᠣᠯᠭᠠᠵᠤ᠂ ᠡᠷᠦᠬᠡ ᠶᠢᠨ ᠵᠣᠷᠯᠣᠩ ᠢ ᠬᠢᠨᠠᠨ ᠬᠡᠷᠡᠭᠯᠡᠬᠦ᠂ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠭᠤᠯᠵᠤ᠂ ᠲᠦᠷᠢᠮ ᠲᠠᠢ᠂ ᠪᠠᠷᠢᠮᠵᠢᠶ᠎ᠠ ᠲᠠᠢ᠂ ᠵᠠᠷᠤᠳᠠᠯ ᠲᠠᠢ᠂ ᠬᠢᠨᠠᠯᠲᠠ ᠲᠠᠢ ᠣᠯᠠᠨ ᠡᠰᠢᠲᠦ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ︔ ᠪᠠᠰᠠ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠦᠶ᠋ᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠵᠤ᠂ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠢ ᠬᠤᠷᠢᠶᠠᠨ ᠴᠤᠭᠯᠠᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ ᠶᠢ ᠰᠢᠶ᠋ᠳᠪᠦᠷᠢᠯᠡᠬᠦ ᠳᠤ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠵᠢᠷᠤᠮᠵᠢᠭᠤᠯᠤᠭᠰᠠᠨ ᠠᠵᠢᠯᠯᠠᠭᠠᠨ ᠢ ᠶᠠᠪᠤᠭᠳᠠᠭᠤᠯᠵᠤ ᠪᠣᠯᠤᠨ᠎ᠠ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠤᠭᠰᠠᠨ ᠤ ᠬᠤᠪᠢ ᠳᠤ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠬᠦ ᠠᠵᠢᠯ ᠢ ᠡᠯ᠎ᠡ ᠱᠠᠲᠤᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠢᠭᠤᠴᠠᠯᠭ᠎ᠠ ᠶᠢ ᠦᠨᠡᠨᠬᠦ ᠴᠢᠩᠭᠠᠷᠠᠭᠤᠯᠤᠨ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃     ︵ᠬᠤᠶᠠᠷ︶ ᠣᠯᠠᠨ ᠲᠦᠮᠡᠨ ᠤ ᠵᠣᠷᠯᠣᠩ ᠢ ᠥᠭᠡᠷᠡᠴᠢᠯᠡᠬᠦ ᠢᠳᠡᠪᠬᠢᠵᠢᠯ ᠢ ᠳᠠᠶᠢᠴᠢᠯᠠᠨ᠎ᠠ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠪᠣᠳᠠᠲᠠᠢ ᠶᠢ ᠡᠷᠬᠢᠮᠯᠡᠨ ᠠᠬᠢᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠵᠢᠯ ᠢ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠲᠣᠭᠤᠰᠢᠯᠠᠭᠤᠯᠵᠦ᠂ ᠤᠯᠠᠨ ᠲᠦᠮᠡᠨ ᠳᠤ ᠵᠣᠷᠯᠣᠩ ᠢ ᠥᠭᠡᠷᠡᠴᠢᠯᠡᠬᠦ ᠵᠣᠷᠢᠯᠭ᠎ᠠ᠂ ᠠᠴᠢ ᠬᠤᠯᠪᠣᠭᠳᠠᠯ ᠪᠠ ᠲᠦᠷᠦ ᠶᠢᠨ ᠪᠤᠳᠤᠯᠭ᠎ᠠ ᠶᠢ ᠭᠦᠢᠴᠡᠳ ᠮᠡᠳᠡᠭᠦᠯᠬᠦ ᠳᠤ ᠡᠷᠬᠡᠪᠰᠢ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠤᠯᠠᠨ ᠲᠦᠮᠡᠨ ᠤ ᠵᠣᠷᠯᠣᠩ ᠢ ᠥᠭᠡᠷᠡᠴᠢᠯᠡᠬᠦ ᠳᠤ ᠣᠷᠣᠯᠴᠠᠬᠤ ᠤᠬᠠᠮᠰᠠᠷᠲᠤ ᠴᠢᠨᠠᠷ᠂ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠢ ᠳᠠᠶᠢᠴᠢᠯᠠᠬᠤ ᠬᠡᠷᠡᠭᠲᠡᠢ᠃     ︵ᠭᠤᠷᠪᠠ︶ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠡᠬᠡ ᠲᠠᠩᠰᠠ ᠶᠢ ᠪᠠᠶᠢᠭᠤᠯᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠢ ᠪᠠᠶᠢᠭᠤᠯᠤᠨ᠂ ︽ᠨᠢᠭᠡ ᠲᠣᠰᠬᠤᠨ ᠳᠤ ᠨᠢᠭᠡ ᠲᠠᠩᠰᠠ ᠡᠪᠬᠡᠮᠡᠯ︾ ᠢ ᠪᠡᠶᠡᠯᠡᠭᠦᠯᠵᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠬᠥᠳᠡᠯᠦᠩᠭᠦᠶ ᠪᠠᠷ ᠡᠵᠡᠮᠰᠢᠵᠦ᠂ ᠵᠣᠷᠯᠣᠩ ᠢ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠡᠷᠦᠬᠡ ᠶᠢᠨ ᠵᠣᠷᠯᠣᠩ ᠤᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠬᠤ ᠬᠡᠷᠡᠭᠲᠡᠶ᠃ ᠡᠯ᠎ᠡ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ᠂ ᠠᠬᠢᠭᠤᠯᠬᠤ ᠲᠠᠰ ᠳᠠᠷᠠᠭᠠᠯᠠᠯ᠂ ᠪᠠᠯᠠ ᠮᠥᠩᠭᠦ ᠶᠢᠨ ᠬᠡᠷᠡᠭᠯᠡᠯᠲᠡ᠂ ᠲᠥᠬᠦᠭᠡᠷᠦᠮᠵᠢ ᠬᠤᠳᠠᠯᠳᠤᠨ ᠠᠪᠬᠤ᠂ ᠦᠢᠯᠡᠴᠢᠯᠡᠬᠡᠨ ᠤ ᠠᠮᠠᠯᠠᠯᠲᠠ ᠵᠡᠷᠭᠡ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠢᠯᠡ ᠪᠣᠯᠭᠠᠨ᠎ᠠ᠃     ︵ᠳᠥᠷᠪᠡ︶ ᠮᠠᠲ᠋ᠧᠷᠢᠶᠠᠯ ᠤᠨ ᠶᠠᠰᠤ ᠴᠢᠨᠠᠷ ᠢ ᠡᠵᠡᠮᠳᠡᠬᠦ ᠪᠠ ᠪᠠᠷᠢᠯᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠮᠠᠲ᠋ᠧᠷᠢᠶᠠᠯ ᠰᠣᠩᠭᠤᠬᠤ ᠶᠠᠰᠤ ᠴᠢᠨᠠᠷ ᠤᠨ ᠪᠠᠷᠢᠮᠵᠢᠶ᠎ᠠ ᠪᠠ ᠮᠡᠷᠭᠡᠵᠢᠯ ᠤᠨ ᠪᠣᠯᠵᠣᠯᠲᠤ ᠲᠤᠭ᠎ᠠ ᠶᠢ ᠴᠢᠩᠭ᠎ᠠ ᠲᠣᠭᠲᠠᠭᠠᠵᠤ᠂ ᠶᠠᠰᠤ ᠴᠢᠨᠠᠷ ᠢᠶᠠᠷ ᠮᠠᠭᠤ ᠬᠢᠷᠢ ᠲᠡᠩᠴᠡᠭᠦ ᠥᠬᠡᠶ ᠦᠢᠯᠡᠳᠬᠦᠨ ᠢ ᠬᠡᠷᠡᠭᠯᠡᠬᠦ ᠶᠢ ᠲᠠᠰᠤ ᠵᠣᠭᠰᠣᠭᠠᠵᠤ᠂ ᠪᠠᠷᠢᠯᠭ᠎ᠠ ᠶᠢᠨ ᠮᠠᠲ᠋ᠧᠷᠢᠶᠠᠯ ᠪᠠ ᠵᠣᠷᠯᠣᠩ ᠤᠨ ᠦᠢᠯᠡᠳᠬᠦᠨ ᠤ ᠪᠠᠬᠢᠯᠢᠭ᠌᠂ ᠪᠥᠬᠡᠯᠢᠭ᠂ ᠪᠦᠲᠦᠴᠡ ᠶᠢᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠵᠤ᠂ ᠠᠷᠢᠭᠤᠨ ᠴᠡᠪᠡᠷ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠶ ᠪᠠᠶᠢᠯᠭᠠᠬᠤ ᠶᠢᠨ ᠬᠠᠮᠲᠤ ᠬᠠᠮᠢᠶ᠎ᠠ ᠪᠥᠬᠦᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠪᠠᠷᠢᠯᠭ᠎ᠠ ᠶᠢᠨ ᠡᠩᠨᠡᠭᠡ ᠳᠤ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠠᠷᠢᠯᠭ᠎ᠠ ᠶᠢᠨ ᠠᠵᠢᠯᠲᠠᠨ ᠨᠢ ᠵᠢᠷᠤᠭ ᠲᠥᠯᠥᠪᠯᠡᠭᠡ ᠶᠢᠨ ᠲᠥᠰᠦᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠷᠯᠣᠩ ᠢ ᠥᠭᠡᠷᠡᠴᠢᠯᠡᠬᠦ ᠪᠤᠶᠤ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ ᠬᠡᠷᠡᠭᠲᠡᠶ᠃     ︵ᠲᠠᠪᠤ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠰᠠᠶᠢᠲᠤᠷ ᠬᠢᠬᠦ ᠬᠡᠷᠡᠭᠲᠡᠶ᠃ ᠰᠢᠯᠭᠠᠨ ᠠᠪᠬᠤ ᠠᠵᠢᠯ ᠳᠤ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠪᠠᠷ ᠨᠢᠭᠡᠴᠢ ᠪᠣᠯᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠵᠣᠷᠯᠣᠩ ᠤᠨ ᠥᠭᠡᠷᠡᠴᠢᠯᠡᠯᠲᠡ ᠶᠢ ᠰᠢᠯᠭᠠᠨ ᠠᠪᠬᠤ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠢᠯᠭᠠᠨ ᠠᠪᠬᠤ ᠠᠵᠢᠯ ᠢ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢᠨ ᠥᠪᠡᠷ ᠢᠶᠠᠨ ᠰᠢᠯᠭᠠᠨ ᠪᠠᠶᠢᠴᠠᠭᠠᠬᠤ᠂ ᠬᠤᠰᠢᠭᠤ ᠰᠢᠶᠠᠨ ᠤ ᠳᠠᠬᠢᠨ ᠰᠢᠯᠭᠠᠨ ᠪᠠᠶᠢᠴᠠᠭᠠᠬᠤ᠂ ᠬᠤᠲᠠ ᠶᠢᠨ ᠱᠠᠲᠤᠨ ᠤ ᠰᠤᠭᠤᠴᠢᠨ ᠰᠢᠯᠭᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠳᠠᠬᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠥᠷᠨᠢᠭᠦᠯᠦᠨ᠎ᠡ᠃ ᠣᠯᠠᠨ ᠲᠦᠮᠡᠨ ᠤ ᠬᠡᠷᠡᠭᠯᠡᠭᠰᠡᠨ ᠦᠷ᠎ᠡ ᠪᠦᠲᠦᠮᠵᠢ᠂ ᠬᠠᠨᠤᠮᠵᠢ ᠶᠢᠨ ᠬᠡᠮᠵᠢᠶ᠎ᠡ ᠵᠡᠷᠭᠡ ᠶᠢ ᠰᠢᠯᠭᠠᠨ ᠠᠪᠬᠤ ᠭᠦᠶ᠋ᠴᠡᠳᠬᠡᠯ ᠲᠤᠭ᠎ᠠ ᠳᠤ ᠣᠷᠣᠭᠤᠯᠤᠨ᠎ᠠ᠃ ᠲᠠᠷᠢᠶᠠᠴᠢᠨ ᠡᠷᠦᠭᠡ ᠰᠡᠳᠬᠢᠯ ᠬᠠᠨᠤᠮᠵᠢ ᠦᠭᠡᠢ ᠮᠥᠷᠲᠡᠭᠡᠨ ᠤᠴᠢᠷ ᠰᠢᠯᠲᠠᠭᠠᠨ ᠨᠢ ᠵᠦᠢ ᠵᠣᠬᠢᠰᠲᠠᠶ ᠪᠠᠶᠢᠪᠠᠯ᠂ ᠰᠢᠯᠭᠠᠨ ᠠᠪᠬᠤ ᠳᠤ ᠬᠢᠷᠢ ᠲᠡᠩᠴᠡᠵᠦ ᠪᠣᠯᠬᠤ ᠦᠭᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠰᠠᠯᠭᠠᠨ ᠥᠭᠬᠦ ᠥᠬᠡᠶ᠃     ︵ᠵᠢᠷᠭᠤᠭ᠎ᠠ︶ ᠵᠠᠯᠭᠠᠮᠵᠢ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠣᠷᠯᠣᠩ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠵᠣᠬᠢᠬᠤ ᠰᠡᠯᠪᠢᠨ ᠵᠠᠰᠠᠬᠤ ᠦᠢᠯᠡᠴᠢᠯᠡᠬᠡᠨ ᠤ ᠰᠢᠰᠲ᠋ᠧᠮᠵᠢ ᠶᠢ ᠢᠵᠢ ᠪᠥᠷᠢᠳᠦᠭᠦᠯᠦᠨ ᠪᠠᠶᠢᠭᠤᠯᠬᠤ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠵᠦ᠂ ᠬᠠᠮᠢᠶᠠᠷᠴᠤ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠬᠤ ᠪᠤᠶᠤ ᠵᠢᠯᠣᠭᠤᠳᠤᠨ ᠵᠣᠬᠢᠶᠠᠨ ᠪᠠᠶᠢᠭᠤᠯᠵᠤ᠂ ᠲᠠᠷᠢᠶᠠᠴᠢᠨ ᠡᠷᠦᠬᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠪᠠᠭᠠᠰᠤᠨ ᠪᠣᠬᠢᠷᠲᠤᠯ ᠢ ᠴᠡᠪᠡᠷᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠰᠡᠯᠪᠢᠨ ᠵᠠᠰᠠᠬᠤ ᠦᠢᠯᠡᠴᠢᠯᠡᠭᠡᠨ ᠤ ᠬᠦᠴᠦᠨ ᠢ ᠢᠳᠡᠪᠬᠢᠲᠡᠢ ᠪᠤᠶᠢᠵᠢᠭᠤᠯᠵᠤ᠂ ᠲᠥᠬᠦᠭᠡᠷᠦᠮᠵᠢ ᠨᠢ ᠡᠪᠳᠡᠷᠡᠪᠡᠯ ᠵᠠᠰᠠᠬᠤ ᠬᠥᠮᠦᠨ ᠲᠠᠢ᠂ ᠬᠤᠭᠤᠯᠠᠢ ᠨᠢ ᠲᠦᠭᠵᠢᠷᠡᠪᠡᠯ ᠨᠡᠪᠲᠡᠷᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ ᠵᠣᠷᠯᠣᠩ ᠢ ᠬᠡᠪ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠬᠡᠷᠡᠭᠯᠡᠬᠦ ᠪᠠ ᠬᠠᠮᠢᠶᠠᠷᠴᠤ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠢ ᠵᠢᠯᠣᠭᠤᠳᠤᠨ ᠬᠡᠷᠡᠭᠯᠡᠭᠴᠢ ᠶᠢᠨ ᠵᠣᠷᠯᠣᠩ ᠢ ᠵᠥᠪ ᠣᠨᠣᠪᠴᠢᠲᠠᠶ ᠪᠠᠶᠢᠯᠭᠠᠵᠤ᠂ ᠡᠳᠦᠷ ᠲᠤᠲᠤᠮ ᠤᠨ ᠬᠠᠮᠠᠭᠠᠯᠠᠯᠲᠠ ᠶᠢᠨ ᠮᠡᠳᠡᠭᠡ ᠵᠠᠩᠭᠢ ᠶᠢ ᠰᠠᠶᠢᠲᠤᠷ ᠣᠶᠢᠯᠠᠭᠠᠭᠤᠯᠵᠤ᠂ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠦᠬᠡ ᠶᠢᠨ ᠵᠣᠷᠯᠣᠩ ᠢ ᠴᠡᠪᠡᠷᠯᠡᠬᠦ ᠪᠠ ᠪᠡᠯᠡᠳᠬᠡᠮᠵᠢ ᠶᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠤᠨ ᠰᠢᠢᠳᠪᠦᠷᠢᠯᠡᠯᠳᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠴᠢᠳᠬᠤᠬᠤ ᠶᠢ ᠴᠠᠭᠠᠵᠠᠯᠠᠵᠤ᠂ ᠲᠠᠷᠢᠶᠠᠴᠢᠨ ᠡᠷᠦᠬᠡ ᠶᠢᠨ ᠥᠪᠡᠰᠦᠪᠡᠨ ᠣᠷᠭᠠᠨᠢᠭ ᠪᠣᠷᠲᠣᠭᠤᠷ ᠳᠡᠪᠲᠦᠭᠡᠬᠦ ᠶᠢ ᠵᠢᠯᠣᠭᠤᠳᠴᠤ᠂ ᠲᠠᠷᠢᠶᠠᠴᠢᠨ ᠡᠷᠦᠬᠡ ᠶᠢᠨ ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠲᠥᠪ ᠲᠤ ᠵᠥᠭᠡᠭᠡᠪᠦᠷᠢᠯᠡᠨ ᠬᠦᠷᠭᠡᠵᠦ ᠲᠥᠪᠯᠡᠷᠡᠭᠦᠯᠦᠨ  ᠰᠢᠢᠳᠪᠦᠷᠢᠯᠡᠭᠰᠡᠨ ᠤ ᠳᠠᠷᠠᠭ᠎ᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠬᠤ ᠬᠡᠷᠡᠭᠲᠡᠶ᠃      ︵ᠳᠣᠯᠤᠭ᠎ᠠ︶ ᠠᠵᠢᠯ ᠤᠨ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠬᠡᠷᠡᠭᠵᠢᠭᠦᠯᠬᠦ ᠠᠬᠢᠴᠠ ᠶᠢᠨ ᠬᠦᠰᠦᠨᠦᠭᠲᠦ ᠶᠢ ᠲᠣᠭᠲᠠᠭᠠᠨ ᠬᠡᠷᠡᠭᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠨ᠂ ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤᠨᠢ ᠢᠨᠵᠧᠨᠧᠷᠢᠩ ᠤᠨ ᠠᠬᠢᠴᠠ ᠶᠢ ᠬᠢᠨᠠᠨ ᠵᠢᠯᠣᠭᠤᠳᠴᠤ᠂ ᠬᠠᠷᠠᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠵᠣᠷᠯᠣᠩ ᠢ ᠥᠭᠡᠷᠡᠴᠢᠯᠡᠬᠦ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠠᠵᠢᠯ ᠥᠷᠨᠢᠭᠦᠯᠦᠨ᠎ᠡ᠃              ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ       ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号