| ᠣᠯᠣᠰ ᠪᠠ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠬᠤᠪᠢᠰᠬᠠᠯ︾ ᠤᠨ ᠲᠤᠬᠠᠶ ᠴᠢᠬᠤᠯᠠ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠨᠠᠢᠮᠠᠨ ᠶᠠᠮᠤᠨ | ᠵᠥᠪᠯᠡᠯ ︽ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ | ᠯᠠᠪᠳᠠᠭᠤᠨ ᠪᠠᠲᠤᠲᠠᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠲᠠᠷᠢᠶᠠᠯᠠᠩ ᠨᠡᠶᠢᠭᠡᠮ ᠲᠠᠷᠬᠠᠭᠠᠭᠰᠠᠨ ﹇ | 2021﹈ 1 ᠳ᠋ᠣᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠣᠷᠯᠣᠩ ᠤᠨ ᠬᠤᠪᠢᠰᠬᠠᠯ ᠤᠨ ᠬᠡᠷᠡᠭᠵᠢᠭᠦᠯᠬᠦ ᠲᠥᠰᠦᠯ︾ ︵ᠥᠪᠥᠷ ᠲᠠᠷᠢᠶᠠᠯᠠᠩ | ᠮᠠᠯ ᠠᠵᠤ ᠠᠬᠤᠶ ᠥᠰᠥᠭ ︹ 2021 ︺ 113 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ | ᠪᠠᠶᠢᠭᠤᠯᠬᠤ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶︾ ︵ᠣᠯᠠᠭᠠᠨᠴᠠᠪ ᠤᠨ ᠬᠦᠳᠡᠭᠡ | ᠲᠣᠰᠬᠤᠨ ᠢ ᠬᠦᠭᠵᠢᠬᠦᠯᠦᠨ ᠮᠠᠨᠳᠣᠭᠤᠯᠬᠤ ᠳᠤᠭᠤᠶᠢᠯᠠᠩ ᠤᠨ ᠠᠯᠪᠠᠨ ᠲᠠᠷᠬᠠᠭᠠᠭᠰᠠᠨ ︹ 2022 ︺ 4 | ᠳ᠋ᠣᠭᠠᠷ ᠲᠣᠭᠠᠲᠤ︶᠂ ︽ᠤᠯᠠᠭᠠᠨᠴᠠᠪ ᠬᠤᠲᠠ ᠶᠢᠨ 2023 ᠣᠨ ᠤ ᠮᠠᠯᠵᠢᠬᠤ ᠲᠠᠷᠢᠶᠠᠯᠠᠬᠤ ᠣᠷᠣᠨ ᠤ | ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠵᠤ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ | ︵ᠣᠯᠠᠭᠠᠨᠴᠠᠪ ᠤᠨ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠳᠤᠭᠤᠶᠢᠯᠠᠩ ᠠᠯᠪᠠᠨ ᠲᠠᠷᠬᠠᠭᠠᠭᠰᠠᠨ | ︹ 2023 ︺ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ | ᠪᠥᠬᠦᠶ ᠠᠵᠢᠯ ᠤᠨ ᠱᠠᠭᠠᠷᠳᠠᠯᠭ᠎ᠠ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ | ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | 2023 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠳᠡᠭᠡ ᠲᠣᠰᠬᠤᠨ ᠤ ᠡᠷᠦᠬᠡ ᠳᠤ | ᠬᠡᠷᠡᠭᠯᠡᠬᠦ ᠠᠷᠢᠭᠤᠨ ᠴᠡᠪᠡᠷ ᠵᠣᠷᠯᠣᠩ ᠢ 512 ᠪᠠᠶᠢᠭᠤᠯᠵᠤ ᠳᠠᠭᠤᠰᠬᠠᠬᠤ ᠳᠤ᠂ ︽ᠤᠰᠤ ᠲᠠᠢ ᠪᠣᠯᠪᠠᠴᠤ ᠭᠠᠩᠳᠠᠬᠤ | ᠥᠬᠡᠶ᠂ ᠬᠤᠷᠳᠤᠨ ᠠᠴᠠ ᠪᠢᠰᠢ ᠣᠳᠠᠭᠠᠨ ᠪᠠᠶᠢᠵᠦ ᠪᠣᠯᠬᠤ ᠦᠭᠡᠢ᠂ ᠠᠷᠪᠢᠳᠠᠬᠤ ᠠᠴᠠ ᠪᠢᠰᠢ ᠴᠦᠭᠡᠳᠬᠦ ᠥᠬᠡᠶ᠂ | ᠴᠢᠨᠠᠷ ᠴᠢᠨᠰᠠᠭ᠎ᠠ ᠶᠢ ᠪᠠᠳᠣᠯᠠᠬᠤ ᠬᠡᠷᠡᠭᠯᠡᠬᠦ ᠶᠢ ᠪᠠᠲᠤᠯᠠᠬᠤ︾ ᠠᠵᠢᠯ ᠤᠨ ᠵᠠᠷᠴᠢᠮ ᠢ ᠵᠢᠷᠤᠮᠯᠠᠨ᠂ ᠰᠢᠯᠭᠠᠨ ᠠᠪᠬᠤ | ᠠᠵᠢᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ ᠪᠠᠶᠢᠭᠤᠯᠤᠭᠰᠠᠨ ᠡᠷᠦᠬᠡ ᠳᠤ ᠬᠡᠷᠡᠭᠯᠡᠬᠦ | ᠵᠣᠷᠯᠣᠩ ᠢ ᠬᠡᠷᠡᠭᠯᠡᠬᠦ ᠳᠤ ᠳᠣᠭᠢᠷᠠᠬᠤ᠂ ᠬᠡᠷᠡᠭᠯᠡᠬᠦ ᠳᠤ ᠰᠠᠶᠢᠨ᠂ ᠬᠡᠷᠡᠭᠯᠡᠬᠦ ᠳᠤ ᠪᠥᠬᠡᠯᠢᠭ ᠪᠠᠶᠢᠯᠭᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠬᠤᠶᠡᠷ᠂ ᠦᠨᠳᠦᠰᠦᠨ ᠱᠠᠭᠠᠷᠳᠠᠯᠭ᠎ᠠ | ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠎ᠡ᠃ ᠲᠠᠷᠢᠶᠠᠴᠢᠨ ᠡᠷᠤᠭᠡ ᠶᠢᠨ ᠰᠠᠶᠢᠨ | ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠶᠢ | ᠦᠨᠡᠯᠡᠬᠦ ᠪᠠᠷᠢᠮᠵᠢᠶ᠎ᠠ ᠪᠣᠯᠭᠠᠨ᠎ᠠ᠃ ᠭᠠᠴᠠᠭᠠᠨ ᠤ ᠠᠷᠠᠳ ᠤᠨ ᠬᠤᠷᠠᠯ ᠪᠤᠶᠤ ᠭᠠᠴᠠᠭᠠᠨ ᠤ ᠠᠷᠠᠳ ᠤᠨ | ᠲᠥᠯᠥᠭᠡᠯᠡᠭᠴᠢᠳ ᠤᠨ ᠬᠤᠷᠠᠯ ᠤᠨ ᠵᠥᠪᠰᠢᠶᠡᠷᠡᠯ ᠦᠭᠡᠢ ᠪᠠᠷ ᠪᠦᠬᠦ᠋ᠢᠯᠡ ᠭᠠᠴᠠᠭᠠᠨ ᠤ ᠵᠣᠷᠯᠣᠩ ᠢ | ᠥᠭᠡᠷᠡᠴᠢᠯᠡᠬᠦ ᠶᠢ ᠲᠦᠯᠬᠢᠨ ᠠᠬᠢᠭᠤᠯᠵᠤ ᠪᠣᠯᠬᠤ ᠲᠠᠷᠢᠶᠠᠴᠢᠨ ᠡᠷᠦᠬᠡ ᠪᠠᠷ ᠵᠥᠪᠰᠢᠶᠡᠷᠡᠭᠦᠯᠬᠦ ᠥᠬᠡᠶ ᠪᠣᠯ | ᠲᠠᠷᠢᠶᠠᠴᠢᠨ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠠᠯᠪᠠᠳᠠᠯᠭ᠎ᠠ ᠪᠠᠷ ᠠᠬᠢᠭᠤᠯᠵᠤ ᠪᠣᠯᠬᠤ ᠥᠬᠡᠶ︔ | ᠲᠠᠷᠢᠶᠠᠴᠢᠨ ᠡᠷᠦᠬᠡ ᠵᠥᠪᠰᠢᠶᠡᠷᠡᠭᠰᠡᠨ ᠪᠣᠯᠪᠠᠴᠤ ᠥᠭᠡᠷᠡᠴᠢᠯᠡᠬᠦ ᠳᠤ ᠲᠣᠬᠢᠷᠠᠮᠵᠢ ᠦᠭᠡᠢ ᠪᠠᠶᠢᠪᠠᠯ᠂ ᠠᠯᠪᠠᠳᠠᠯᠭ᠎ᠠ ᠪᠠᠷ | ᠲᠦᠯᠬᠢᠨ ᠠᠬᠢᠭᠤᠯᠬᠤ ᠦᠭᠡᠢ᠃ | ᠵᠣᠷᠯᠣᠩ ᠢ ᠥᠭᠡᠷᠡᠴᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠢᠯᠣᠭᠤᠳᠴᠤ᠂ ᠰᠢᠯᠭᠠᠨ ᠠᠪᠬᠤ ᠶᠢ ᠵᠣᠬᠢᠶᠠᠨ ᠪᠠᠶᠢᠭᠤᠯᠵᠤ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ᠃ ᠡᠯ᠎ᠡ ᠰᠤᠮᠤ | ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ | ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ | ᠨᠢ ᠥᠭᠡᠷᠡᠴᠢᠯᠡᠬᠦ ᠡᠷᠦᠬᠡ ᠶᠢᠨ ᠨᠡᠷ᠎ᠡ ᠶᠢ ᠲᠡᠮᠳᠡᠭᠯᠡᠬᠦ ᠠᠵᠢᠯ ᠢ ᠰᠠᠶᠢᠲᠤᠷ ᠬᠢᠵᠦ᠂ ᠵᠣᠷᠯᠣᠩ ᠢ ᠥᠭᠡᠷᠡᠴᠢᠯᠡᠬᠦ | ᠡᠷᠦᠬᠡ ᠶᠢᠨ ᠥᠪᠡᠷ ᠢᠶᠠᠨ ᠴᠤᠭᠯᠠᠭᠤᠯᠤᠭᠰᠠᠨ ᠵᠣᠭᠤᠰ ᠢ ᠤᠷᠢᠳᠴᠢᠯᠠᠨ ᠬᠤᠷᠢᠶᠠᠵᠤ᠂ ᠲᠣᠰᠬᠤᠨ ᠤ ᠠᠷᠠᠳ ᠤᠨ | ᠵᠥᠪᠯᠡᠯ ᠠᠴᠠ ᠲᠦᠷ ᠨᠢᠭᠡᠳᠦᠯᠲᠡᠶ ᠬᠠᠳᠠᠭᠠᠯᠠᠨ ᠬᠠᠮᠢᠶᠠᠷᠴᠤ᠂ ᠰᠢᠯᠭᠠᠨ ᠠᠪᠤᠭᠰᠠᠨ ᠤ ᠳᠠᠷᠠᠭ᠎ᠠ ᠪᠠᠷᠢᠯᠭ᠎ᠠ ᠶᠢᠨ | ᠲᠠᠯ᠎ᠠ ᠳᠤ ᠥᠭᠬᠦ ᠶᠢᠨ ᠬᠠᠮᠲᠤ ᠲᠠᠷᠢᠶᠠᠴᠢᠨ ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠢ | ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃ | ᠲᠠᠩᠰᠠ ᠡᠪᠬᠡᠮᠡᠯ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ | ᠪᠠᠶᠢᠭᠤᠯᠤᠨ ᠪᠦᠷᠢᠨᠰᠢᠬᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠴᠠ ᠡᠮᠦᠨ᠎ᠡ᠂ ᠳᠤᠮᠳᠠ᠂ ᠠᠷᠤ ᠲᠠᠯ᠎ᠠ ᠶᠢᠨ | ᠬᠡᠷᠡᠯ ᠵᠢᠷᠤᠭ ᠢ ᠴᠤᠭᠯᠠᠭᠤᠯᠤᠨ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠬᠡᠯᠪᠡᠷᠢ ᠪᠠᠷ ᠲᠠᠩᠰᠠ | ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢᠨ ᠬᠠᠮᠲᠤ ᠡᠯ᠎ᠡ ᠲᠥᠷᠥᠯ ᠤᠨ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠷᠪᠡ᠂ ᠵᠣᠷᠯᠣᠩ ᠢ ᠥᠭᠡᠷᠡᠴᠢᠯᠡᠬᠦ ᠵᠠᠭᠪᠤᠷ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠳᠤ ︽ᠠᠷᠢᠭᠤᠨ | ᠴᠡᠪᠡᠷ᠂ ᠬᠢᠮᠳᠠ᠂ ᠬᠡᠷᠡᠭᠯᠡᠬᠦ ᠳᠤ ᠳᠣᠭᠢᠷᠠᠬᠤ᠂ ᠣᠷᠴᠢᠨ ᠲᠣᠭᠤᠷᠢᠨ ᠢ ᠬᠠᠮᠠᠭᠠᠯᠠᠬᠤ︾ ᠵᠠᠷᠴᠢᠮ ᠢ ᠪᠠᠷᠢᠮᠲᠠᠯᠠᠨ᠂ | ᠤᠰᠤ ᠪᠠᠷ ᠤᠬᠢᠶᠠᠬᠤ ᠵᠣᠷᠯᠣᠩ ᠢ ᠬᠡᠷ ᠲᠤ ᠣᠷᠣᠭᠤᠯᠬᠤ᠂ ᠠᠷᠢᠭᠤᠨ ᠴᠡᠪᠡᠷ ᠬᠠᠭᠤᠷᠠᠶ ᠵᠣᠷᠯᠣᠩ ᠢ ᠡᠮᠨᠡᠯᠭᠡ ᠳᠤ | ᠣᠷᠣᠭᠤᠯᠬᠤ ᠶᠢ ᠰᠠᠨᠠᠭᠠᠴᠢᠯᠠᠵᠤ᠂ ᠪᠠᠭᠠᠰᠤᠨ ᠪᠣᠷᠳᠣᠭᠤᠷ ᠢ ᠠᠰᠢᠭᠯᠠᠬᠤ ᠶᠢ ᠳᠡᠯᠭᠡᠷᠡᠭᠦᠯᠦᠨ᠎ᠡ᠃ ᠡᠷᠦᠬᠡ ᠶᠢᠨ | ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ ᠲᠤ ᠲᠤᠬᠠᠶ ᠶᠢᠨ ᠭᠠᠵᠠᠷ ᠤᠨ ᠪᠠᠶᠢᠭᠠᠯᠢ ᠶᠢᠨ ᠣᠷᠴᠢᠨ | ᠲᠣᠭᠤᠷᠢᠨ ᠤ ᠨᠥᠬᠦᠴᠡᠯ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠲᠣᠰᠬᠤᠨ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠪᠠᠶᠢᠳᠠᠯ ᠢ | ᠦᠨᠳᠦᠰᠦᠯᠡᠨ᠂ ᠣᠯᠠᠨ ᠲᠦᠮᠡᠨ ᠤ ᠰᠠᠨᠠᠯ ᠢ ᠬᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠤᠰᠤᠨ ᠳᠤ ᠳᠣᠭᠢᠷᠠᠪᠠᠯ ᠤᠰᠤ᠂ ᠭᠠᠩᠳᠠᠬᠤ ᠳᠤ ᠳᠣᠭᠢᠷᠠᠪᠠᠯ ᠭᠠᠩᠳᠠᠬᠤ᠂ | ᠲᠥᠬᠦᠮ ᠪᠥᠭᠡᠳ ᠪᠣᠳᠠᠲᠤ ᠬᠡᠷᠡᠭᠴᠡᠭᠡ ᠲᠠᠢ᠂ ᠥᠪᠡᠷ ᠤᠨ ᠥᠷᠲᠡᠭ ᠨᠢ ᠲᠣᠬᠢᠷᠠᠮᠵᠢᠲᠠᠶ᠂ ᠮᠡᠷᠭᠡᠵᠢᠯ ᠨᠢ | ᠪᠣᠯᠪᠠᠰᠤᠷᠠᠩᠭᠤᠶ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠬᠤ ᠬᠡᠷᠡᠭᠲᠡᠶ᠃ ᠮᠠᠨ ᠤ ᠬᠤᠰᠢᠭᠤᠨ ᠤ | ᠳᠡᠯᠭᠡᠷᠡᠭᠦᠯᠦᠨ ᠪᠠᠶᠢᠭᠤᠯᠬᠤ ᠳᠤ ᠲᠣᠬᠢᠷᠠᠮᠵᠢᠲᠠᠶ ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠨᠢ ᠭᠤᠤᠯᠳᠠᠭᠤ | ᠳᠣᠤᠷᠠᠬᠢ ᠮᠡᠲᠦ ᠬᠡᠳᠦᠨ ᠵᠦᠢᠯ ᠪᠣᠶ᠄ | ᠨᠢᠭᠡ ᠳᠤ᠂ ᠬᠦᠷᠢᠶᠡᠨ ᠳᠣᠲᠣᠷᠠᠬᠢ ᠠᠷᠢᠭᠤᠨ ᠴᠡᠪᠡᠷ ᠬᠠᠭᠤᠷᠠᠶ ᠵᠣᠷᠯᠣᠩ ᠤᠨ ᠵᠠᠭᠪᠤᠷ᠃ ᠭᠤᠤᠯ ᠬᠡᠯᠪᠡᠷᠢ ᠨᠢ | ᠬᠤᠶᠠᠷ ᠨᠦᠬᠡ ᠪᠠᠷ ᠰᠣᠯᠪᠢᠴᠠᠬᠤ ᠮᠠᠶ᠋ᠢᠭ ᠤᠨ ᠡᠷᠡᠭᠦᠯ ᠬᠠᠮᠠᠭᠠᠯᠠᠯ ᠤᠨ ᠬᠠᠭᠤᠷᠠᠶ ᠵᠣᠷᠯᠣᠩ ᠪᠠ ᠬᠤᠤᠰ ᠪᠤᠳᠤᠩ | ᠮᠠᠶ᠋ᠢᠭ ᠤᠨ ᠬᠠᠭᠤᠷᠠᠶ ᠵᠣᠷᠯᠣᠩ ᠢᠶᠠᠷ ᠭᠤᠤᠯᠯᠠᠭᠤᠯᠤᠨ᠎ᠠ᠃ | ᠬᠤᠶᠡᠷ ᠲᠤ᠂ ᠬᠡᠷ ᠳᠣᠲᠣᠷᠠᠬᠢ ᠡᠷᠦᠬᠡ ᠶᠢᠨ ᠤᠰᠤ ᠪᠠᠷ ᠤᠬᠢᠶᠠᠬᠤ ᠬᠡᠯᠪᠡᠷᠢ ᠶᠢᠨ ᠵᠠᠭᠪᠤᠷ᠃ ᠭᠤᠤᠯ | ᠵᠠᠭᠪᠤᠷ ᠨᠢ ᠪᠣᠬᠢᠷ ᠤᠰᠤᠨ ᠤ ᠬᠤᠭᠤᠯᠠᠶ ᠶᠢ ᠲᠥᠪᠯᠡᠷᠡᠭᠦᠯᠦᠨ ᠡᠷᠦᠬᠡ ᠶᠢᠨ ᠵᠣᠷᠯᠣᠩ ᠢ ᠬᠤᠷᠢᠶᠠᠨ ᠴᠤᠭᠯᠠᠭᠤᠯᠵᠤ᠂ | ᠨᠢᠭᠡᠨᠲᠡ ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠪᠠ ᠪᠣᠬᠢᠷᠲᠤᠯ ᠭᠠᠳᠠᠭᠰᠢᠯᠠᠭᠤᠯᠬᠤ | ᠬᠤᠭᠤᠯᠠᠶ ᠶᠢᠨ ᠲᠣᠤᠷ ᠤᠨ ᠠᠶᠢᠯ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠡᠷ | ᠳᠣᠲᠣᠷ᠎ᠠ ᠪᠥᠲᠥᠭᠡᠨ ᠪᠠᠶᠢᠭᠤᠯᠬᠤ ᠳᠤ ᠳᠣᠭᠢᠷᠠᠨ᠎ᠠ︔ ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ | ᠤᠰᠤ ᠪᠠᠷ ᠤᠬᠢᠶᠠᠬᠤ ᠵᠣᠷᠯᠣᠩ ᠢ ᠨᠢᠭᠡᠨᠲᠡ ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠲᠤ | ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠪᠠᠶᠢᠭᠤᠯᠤᠭᠠᠳᠤᠶ ᠠᠶᠢᠯ ᠲᠣᠰᠬᠤᠨ ᠳᠤ ᠣᠷᠣᠰᠢᠨ | ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠡᠷ ᠳᠣᠲᠣᠷ᠎ᠠ ᠪᠠᠶᠢᠭᠤᠯᠬᠤ ᠳᠤ ᠲᠣᠬᠢᠷᠠᠮᠵᠢᠲᠠᠶ᠃ | ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠵᠣᠷᠯᠣᠩ ᠢ ᠥᠭᠡᠷᠡᠴᠢᠯᠡᠬᠦ ᠵᠠᠭᠪᠤᠷ ᠢ | ᠲᠣᠭᠲᠠᠭᠠᠬᠤ ᠳᠠᠭᠠᠨ᠂ ᠡᠷᠦᠬᠡ ᠳᠤ ᠣᠷᠣᠬᠤ ᠵᠣᠷᠯᠣᠩ ᠤᠨ ᠤᠭᠰᠠᠷᠠᠬᠤ ᠣᠷᠣᠨ ᠪᠠᠶᠢᠷᠢ ᠶᠢ ᠭᠦᠢᠴᠡᠳ ᠪᠠᠶᠢᠴᠠᠭᠠᠨ | ᠬᠠᠷᠭᠤᠭᠤᠯᠬᠤ ᠶᠢ ᠵᠣᠬᠢᠶᠠᠨ ᠪᠠᠶᠢᠭᠤᠯᠵᠤ᠂ ᠡᠷᠦᠬᠡ ᠳᠤ ᠬᠡᠷᠡᠭᠯᠡᠬᠦ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ ᠢ | ᠤᠭᠰᠠᠷᠠᠭᠰᠠᠨ ᠤ ᠳᠠᠷᠠᠭ᠎ᠠ᠂ ᠳᠠᠭᠠᠯᠲᠠ ᠤᠰᠤ ᠬᠠᠩᠭᠠᠬᠤ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠨᠢ | ᠬᠥᠯᠳᠡᠬᠦ ᠠᠴᠠ ᠰᠡᠷᠭᠡᠶᠢᠯᠡᠬᠦ ᠨᠥᠬᠦᠴᠡᠯ ᠢ ᠪᠦᠷᠢᠳᠦᠭᠦᠯᠵᠦ᠂ ᠪᠥᠬᠦ ᠵᠢᠯ ᠤᠨ ᠬᠡᠪ ᠤᠨ ᠬᠡᠷᠡᠭᠯᠡᠭᠡᠨ ᠤ ᠦᠨᠳᠦᠰᠦᠨ | ᠱᠠᠭᠠᠷᠳᠠᠯᠭ᠎ᠠ ᠶᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠯᠳᠡᠬᠦ ᠠᠴᠠ ᠰᠡᠷᠭᠡᠶᠢᠯᠡᠬᠦ ᠨᠥᠬᠦᠴᠡᠯ ᠥᠬᠡᠶ | ᠬᠡᠷ ᠪᠠᠶᠢᠰᠢᠩ ᠳᠤ ᠬᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠪᠠᠶᠢᠭᠤᠯᠵᠤ ᠪᠣᠯᠬᠤ ᠥᠬᠡᠶ᠃ ᠲᠠᠷᠢᠶᠠᠴᠢᠨ | ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ | ᠪᠠᠶᠢᠭᠰᠠᠨ ᠬᠠᠭᠤᠴᠢᠨ ᠵᠣᠷᠯᠣᠩ ᠢ ᠨᠤᠷᠠᠭᠠᠬᠤ ᠬᠡᠷᠡᠭᠲᠡᠶ᠃ | ᠲᠥᠷᠪᠡ᠂ ᠪᠥᠳᠥᠭᠡᠨ ᠪᠠᠶᠢᠭᠤᠯᠤᠯᠲᠠ ᠶᠢᠨ ᠦᠢᠯᠡᠳᠦᠭᠰᠡᠨ ᠦᠨ᠎ᠡ ᠪᠠ ᠪᠡᠯᠡ ᠮᠥᠩᠭᠦ ᠶᠢᠨ ᠱᠠᠩᠨᠠᠵᠤ | ᠨᠥᠬᠦᠪᠥᠷᠢᠯᠡᠬᠦ ᠪᠠᠷᠢᠮᠵᠢᠶ᠎ᠠ | ᠡᠮᠨᠡᠯᠭᠡ ᠶᠢᠨ ᠬᠤᠷᠢᠶᠠᠨ ᠤ ᠳᠣᠲᠣᠷᠠᠬᠢ ᠠᠷᠢᠭᠤᠨ ᠴᠡᠪᠡᠷ ᠬᠠᠭᠤᠷᠠᠶ ᠵᠣᠷᠯᠣᠩ ᠤᠨ ᠵᠢᠯᠣᠭᠤᠳᠬᠤ ᠴᠢᠨᠠᠷᠲᠠᠶ | ᠦᠨ᠎ᠡ ᠬᠠᠩᠰᠢ ᠨᠢ ᠡᠷᠦᠬᠡ ᠪᠦᠷᠢ ᠳᠤ 2900 ᠲᠥᠭᠦᠷᠢᠭ ︵ᠵᠣᠷᠯᠣᠩ ᠤᠨ ᠪᠠᠷᠢᠯᠭ᠎ᠠ ᠶᠢᠨ ᠲᠠᠯᠠᠪᠠᠶ ᠨᠢ | 2m2 ᠠᠴᠠ ᠳᠣᠤᠷ᠎ᠠ ᠪᠠᠶᠢᠵᠤ ᠪᠣᠯᠬᠤ ᠥᠬᠡᠶ︶ ᠪᠠᠶᠢᠵᠤ᠂ ᠬᠡᠷ ᠳᠣᠲᠣᠷᠠᠬᠢ ᠡᠷᠦᠬᠡ ᠪᠦᠷᠢ ᠳᠤ ᠬᠡᠷᠡᠭᠯᠡᠬᠦ | ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠵᠣᠷᠯᠣᠩ ᠤᠨ ᠵᠢᠯᠣᠭᠤᠳᠬᠤ ᠴᠢᠨᠠᠷᠲᠠᠶ | ᠦᠨ᠎ᠡ ᠬᠠᠩᠰᠢ ᠨᠢ ᠡᠷᠦᠬᠡ ᠪᠦᠷᠢ ᠳᠤ 4600 ᠲᠥᠭᠦᠷᠢᠭ ᠪᠣᠯᠤᠨ᠎ᠠ᠃ ᠵᠣᠷᠯᠣᠩ ᠤᠨ ᠬᠤᠪᠢᠰᠬᠠᠯ ᠤᠨ ᠱᠠᠩᠨᠠᠯ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠩᠨᠠᠯ | ᠨᠥᠬᠦᠪᠥᠷᠢ ᠶᠢᠨ ᠪᠠᠯᠠ ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 2000 ᠲᠥᠭᠦᠷᠢᠭ᠂ ᠤᠰᠤᠨ ᠵᠣᠷᠯᠣᠩ | ᠨᠢᠭᠡᠪᠦᠷᠢ ᠳᠤ 3300 ᠲᠥᠭᠦᠷᠢᠭ᠂ ᠬᠤᠲᠠ ᠶᠢᠨ ᠲᠠᠰ ᠤᠨ ᠬᠠᠭᠤᠷᠠᠶ ᠵᠣᠷᠯᠣᠩ ᠬᠢᠭᠡᠳ ᠤᠰᠤᠨ ᠵᠣᠷᠯᠣᠩ ᠤᠨ | ᠱᠠᠩᠨᠠᠯ ᠨᠥᠬᠦᠪᠥᠷᠢ ᠶᠢᠨ ᠪᠠᠯᠠ ᠮᠥᠩᠭᠦ ᠨᠢ ᠡᠷᠦᠬᠡ ᠪᠦᠷᠢ ᠳᠤ 500 ᠲᠥᠭᠦᠷᠢᠭ᠂ ᠬᠤᠰᠢᠭᠤᠨ ᠲᠠᠰ ᠤᠨ ᠱᠠᠩᠨᠠᠯ | ᠨᠥᠬᠦᠪᠥᠷᠢ ᠶᠢᠨ ᠪᠠᠯᠠ ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 200 ᠲᠥᠭᠦᠷᠢᠭ᠂ ᠤᠰᠤᠨ ᠵᠣᠷᠯᠣᠩ ᠨᠢ | ᠡᠷᠦᠬᠡ ᠪᠦᠷᠢ ᠳᠤ 300 ᠲᠥᠭᠦᠷᠢᠭ᠂ ᠲᠠᠷᠢᠶᠠᠴᠢᠨ ᠡᠷᠦᠬᠡ ᠶᠢᠨ ᠥᠪᠡᠷ ᠢᠶᠠᠨ ᠴᠤᠭᠯᠠᠭᠤᠯᠤᠭᠰᠠᠨ ᠪᠠᠯᠠ | ᠮᠥᠩᠭᠦ ᠨᠢ ᠬᠠᠭᠤᠷᠠᠶ ᠵᠣᠷᠯᠣᠩ ᠨᠢᠭᠡᠪᠦᠷᠢ ᠳᠤ 200 ᠲᠥᠭᠦᠷᠢᠭ᠂ ᠤᠰᠤᠨ ᠵᠣᠷᠯᠣᠩ ᠨᠢ ᠡᠷᠦᠬᠡ ᠪᠦᠷᠢ ᠳᠤ | 500 ᠲᠥᠭᠦᠷᠢᠭ ᠪᠣᠯᠤᠨ᠎ᠠ᠃ | ᠲᠠᠪᠦ᠂ ᠬᠡᠷᠡᠭᠵᠢᠭᠦᠯᠬᠦ ᠴᠤᠪᠤᠷᠠᠯ ᠵᠢᠴᠢ ᠪᠡᠶᠡᠯᠡᠭᠦᠯᠬᠦ ᠴᠠᠭ ᠤᠨ ᠬᠢᠵᠠᠭᠠᠷ | ︵ᠨᠢᠭᠡ︶ ᠥᠭᠡᠷᠡᠴᠢᠯᠡᠨ ᠪᠠᠶᠢᠭᠤᠯᠬᠤ ᠪᠠᠷ ᠮᠡᠳᠡᠭᠦᠯᠬᠦ ︵4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ | 20 ᠤ ᠡᠳᠦᠷ︶ | ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠪᠣᠯᠤᠨ ᠭᠠᠴᠠᠭ᠎ᠠ ᠲᠣᠰᠬᠤᠨ ᠨᠢ ᠤᠬᠠᠭᠤᠯᠤᠨ | ᠳᠠᠶᠢᠴᠢᠯᠠᠬᠤ᠂ ᠲᠠᠷᠢᠶᠠᠴᠢᠨ ᠡᠷᠦᠬᠡ ᠭᠤᠶᠤᠴᠢᠯᠠᠬᠤ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ᠂ | ᠭᠠᠴᠠᠭ᠎ᠠ ᠲᠣᠰᠬᠤᠨ ᠭᠤᠶᠤᠴᠢᠯᠠᠨ ᠮᠡᠳᠡᠭᠦᠯᠬᠦ᠂ ᠰᠤᠮᠤ ᠰᠢᠶᠠᠩ ᠪᠠᠯᠭᠠᠰᠤ ᠬᠢᠨᠠᠨ ᠬᠠᠷᠭᠤᠭᠤᠯᠬᠤ᠂ ᠬᠤᠰᠢᠭᠤᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠠᠯᠬᠤᠮ ᠳᠠᠷᠠᠭ᠎ᠠ ᠶᠣᠰᠣᠭᠠᠷ᠂ ᠡᠷᠦᠬᠡ ᠶᠢᠨ | ᠵᠣᠷᠯᠣᠩ ᠢ ᠥᠭᠡᠷᠡᠴᠢᠯᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ | ᠥᠷᠨᠢᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ︵4 ᠰᠠᠷ᠎ᠠ ᠶᠢᠨ 21 ᠤ ᠡᠳᠦᠷ ᠠᠴᠠ 9 | ᠰᠠᠷ᠎ᠠ ᠶᠢᠨ 30 ᠤ ᠡᠳᠦᠷ︶ | ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠰᠠᠭᠤᠷᠢ ᠲᠤᠭ᠎ᠠ ᠶᠢ ᠣᠶᠢᠯᠠᠭᠠᠭᠰᠠᠨ | ᠰᠠᠭᠤᠷᠢᠨ ᠳᠡᠭᠡᠷ᠎ᠡ᠂ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠤᠷᠢᠶᠠᠨ ᠠᠪᠴᠤ ᠥᠪᠡᠷ ᠲᠡᠭᠡᠨ | ᠴᠤᠭᠯᠠᠭᠤᠯᠬᠤ ᠶᠢᠨ ᠬᠠᠮᠲᠤ᠂ ᠦᠨᠳᠦᠰᠦᠨ ᠱᠠᠲᠤᠨ ᠤ ᠺᠠᠳ᠋ᠷ᠂ ᠵᠣᠷᠯᠣᠩ ᠢ ᠥᠭᠡᠷᠡᠴᠢᠯᠡᠬᠦ ᠡᠷᠦᠬᠡ ᠵᠡᠷᠭᠡ ᠳᠤ | ᠵᠣᠷᠯᠣᠩ ᠢ ᠥᠭᠡᠷᠡᠴᠢᠯᠡᠬᠦ ᠲᠥᠷᠥ ᠶᠢᠨ ᠪᠣᠳᠣᠯᠭ᠎ᠠ᠂ ᠮᠡᠷᠭᠡᠵᠢᠯ ᠤᠨ ᠵᠢᠷᠤᠮᠵᠢᠯ᠂ ᠬᠠᠮᠢᠶᠠᠷᠤᠯᠲᠠ ᠶᠢᠨ ᠱᠠᠭᠠᠷᠳᠠᠯᠭ᠎ᠠ | ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠠᠯ᠎ᠠ ᠪᠠᠷ ᠪᠣᠯᠪᠠᠰᠤᠷᠠᠭᠤᠯᠤᠯ ᠬᠢᠬᠦ ᠬᠡᠷᠡᠭᠲᠡᠶ᠃ ᠤᠯᠤᠰ ᠤᠨ ᠬᠠᠮᠢᠶ᠎ᠠ ᠪᠥᠬᠦᠶ | ᠲᠣᠭᠲᠠᠭᠠᠯ ᠶᠣᠰᠣᠭᠠᠷ᠂ ᠨᠠᠶᠢᠳᠠᠵᠤ ᠪᠠᠷᠢᠯᠭ᠎ᠠ ᠪᠠᠷᠢᠭᠤᠯᠬᠤ ᠪᠤᠶᠤ ᠲᠠᠷᠢᠶᠠᠴᠢᠨ ᠡᠷᠦᠬᠡ ᠶᠢᠨ ᠥᠪᠡᠰᠦᠪᠡᠨ | ᠪᠠᠶᠢᠭᠤᠯᠬᠤ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠥᠭᠡᠷᠡᠴᠢᠯᠡᠨ | ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ᠂ ᠵᠣᠷᠯᠣᠩ ᠢ ᠥᠭᠡᠷᠡᠴᠢᠯᠡᠬᠦ ᠬᠤᠭᠤᠴᠠᠭᠠᠨ ᠳᠠᠬᠢ | ᠵᠣᠬᠢᠴᠠᠭᠤᠯᠤᠨ ᠬᠢᠨᠠᠨ ᠬᠠᠮᠢᠶᠠᠷᠬᠤ ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠬᠤ | ᠬᠡᠷᠡᠭᠲᠡᠶ᠃ | ︵ᠭᠤᠷᠪᠠ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ︵10 ᠳ᠋ᠤᠭᠠᠷ ᠰᠠᠷ᠎ᠠ ᠶᠢᠨ 1 ᠤ ᠡᠳᠦᠷ ᠠᠴᠠ | 10 ᠳ᠋ᠤᠭᠠᠷ ᠰᠠᠷ᠎ᠠ ᠶᠢᠨ 30 ᠤ ᠡᠳᠦᠷ︶ | ᠰᠢᠯᠭᠠᠨ ᠬᠤᠷᠢᠶᠠᠬᠤ ᠳᠤ ᠰᠢᠶᠠᠩ ᠪᠠᠯᠭᠠᠰᠤ ᠥᠪᠡᠷ ᠢᠶᠠᠨ ᠰᠢᠯᠭᠠᠨ ᠪᠠᠶᠢᠴᠠᠭᠠᠬᠤ᠂ ᠬᠤᠰᠢᠭᠤᠨ ᠤ | ᠱᠠᠲᠤᠨ ᠤ ᠡᠷᠦᠬᠡ ᠳᠠᠷᠠᠭᠠᠯᠠᠨ ᠳᠠᠬᠢᠨ ᠰᠢᠯᠭᠠᠨ ᠪᠠᠶᠢᠴᠠᠭᠠᠬᠤ᠂ ᠬᠤᠲᠠ ᠶᠢᠨ ᠱᠠᠲᠤᠨ ᠤ 1/3 ᠠᠴᠠ ᠳᠣᠤᠷ᠎ᠠ | ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠵᠦ᠂ ᠰᠢᠯᠭᠠᠨ ᠬᠤᠷᠢᠶᠠᠬᠤ ᠳᠤ ᠬᠢᠷᠢ ᠲᠡᠩᠴᠡᠪᠡᠯ | ᠰᠠᠶ᠋ᠢ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠂ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠥᠬᠡᠶ ᠪᠠᠶᠢᠪᠠᠯ᠂ | ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠤ ᠪᠠᠷᠢᠯᠭ᠎ᠠ ᠪᠠᠷᠢᠬᠤ ᠨᠢᠭᠡᠴᠡ ᠳᠤ ᠬᠠᠷᠢᠭᠤ ᠲᠤᠰᠬᠠᠵᠤ᠂ | ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠤᠤᠯ ᠤᠨ ᠲᠠᠰ ᠳᠠᠷᠠᠭᠠᠯᠠᠯ ᠢᠶᠠᠷ ᠳᠠᠭᠢᠵᠤ ᠰᠢᠯᠭᠠᠨ | ᠬᠤᠷᠢᠶᠠᠨ᠎ᠠ᠃ | ︵ᠲᠥᠷᠪᠡ︶ ᠪᠡᠯᠡ ᠮᠥᠩᠭᠦ ᠰᠠᠯᠭᠠᠨ ᠥᠭᠬᠦ ︵12 ᠳ᠋ᠣᠭᠠᠷ ᠰᠠᠷ᠎ᠠ ᠶᠢᠨ 20 ᠤ ᠡᠳᠦᠷ ᠠᠴᠠ ᠡᠮᠦᠨ᠎ᠡ︶ | ᠰᠢᠶᠠᠩ ᠪᠠᠯᠭᠠᠰᠤ ᠥᠪᠡᠰᠦᠪᠡᠨ ᠰᠢᠯᠭᠠᠵᠤ ᠳᠠᠭᠤᠰᠤᠭᠰᠠᠨ ᠤ ᠳᠠᠷᠠᠭ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠥᠪᠡᠰᠦᠪᠡᠨ ᠰᠢᠯᠭᠠᠭᠰᠠᠨ ᠮᠡᠳᠡᠭᠦᠯᠦᠯᠲᠡ ᠪᠠ ᠪᠠᠯᠠ ᠮᠥᠩᠭᠦ | ᠭᠤᠶᠤᠴᠢᠯᠠᠭᠰᠠᠨ ᠮᠡᠳᠡᠭᠦᠯᠦᠯᠲᠡ ᠪᠠᠨ ᠬᠠᠮᠲᠤ ᠳᠤᠨᠢ ᠮᠡᠳᠡᠭᠦᠯᠦᠨ ᠬᠦᠷᠭᠡᠵᠦ᠂ ᠪᠠᠯᠠ ᠮᠥᠩᠭᠦ ᠰᠢᠯᠵᠢᠭᠦᠯᠦᠨ | ᠥᠭᠬᠦ ᠠᠴᠠ ᠡᠮᠦᠨ᠎ᠡ ᠲᠣᠭᠲᠠᠭᠠᠯ ᠶᠣᠰᠣᠭᠠᠷ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠲᠣᠰᠬᠤᠨ ᠳᠤ ᠱᠠᠩᠨᠠᠵᠤ | ᠨᠥᠬᠦᠪᠥᠷᠢᠯᠡᠬᠦ ᠪᠠᠯᠠ ᠮᠥᠩᠭᠦ ᠶᠢ ᠬᠤᠰᠢᠭᠤᠨ ᠱᠠᠲᠤᠨ ᠤ ᠰᠦᠯᠵᠢᠶᠡᠨ ᠥᠷᠲᠡᠭᠡ ᠳᠤ ᠢᠯᠡ ᠨᠡᠶᠢᠲᠡᠯᠡᠵᠦ᠂ | ᠨᠥᠬᠦᠪᠥᠷᠢ ᠶᠢ ᠡᠷᠦᠬᠡ ᠳᠤ ᠬᠦᠷᠭᠡᠬᠦ ᠪᠠᠯᠠ ᠮᠥᠩᠭᠦ ᠶᠢ ᠲᠣᠰ ᠲᠣᠰᠬᠤᠨ ᠳᠤ ᠢᠯᠡ ᠨᠡᠶᠢᠲᠡᠯᠡᠵᠦ᠂ ᠢᠯᠡ | ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠱᠠᠭᠠᠷᠳᠠᠯᠭ᠎ᠠ | ᠶᠣᠰᠣᠭᠠᠷ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠪᠠᠯᠠ ᠮᠥᠩᠭᠦ ᠰᠢᠯᠵᠢᠭᠦᠯᠦᠨ ᠥᠭᠬᠦ ᠬᠡᠷᠡᠭᠲᠡᠶ | ᠃ | ︵ᠲᠠᠪᠤ︶ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠵᠢᠯᠯᠠᠭᠠᠨ | ᠬᠤᠰᠢᠭᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠤ ᠬᠢᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠠᠮᠢᠶᠠᠷᠴᠤ ᠬᠠᠮᠠᠭᠠᠯᠠᠬᠤ ᠳᠦᠷᠢᠮ ᠢ ᠲᠣᠭᠲᠠᠭᠠᠵᠤ | ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢ ᠬᠡᠷᠡᠭᠯᠡᠨ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠳᠤ ᠤᠷᠢᠳᠠᠪᠠᠷ ᠨᠥᠬᠦᠴᠡᠯ ᠳᠤ ᠨᠡᠶᠢᠴᠡᠬᠦ ᠬᠢᠨᠠᠨ ᠰᠢᠯᠭᠠᠬᠤ ᠡᠷᠦᠬᠡ ᠶᠢ | ᠰᠣᠩᠭᠤᠨ ᠤᠷᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠠᠷ ᠡᠷᠦᠬᠡ ᠶᠢᠨ ᠵᠣᠷᠯᠣᠩ ᠤᠨ ᠬᠠᠮᠢᠶᠠᠷᠤᠭᠴᠢ | ᠪᠣᠯᠭᠠᠵᠤ᠂ ᠡᠷᠦᠬᠡ ᠶᠢᠨ ᠵᠣᠷᠯᠣᠩ ᠢ ᠬᠢᠨᠠᠨ ᠬᠡᠷᠡᠭᠯᠡᠬᠦ᠂ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ | ᠬᠠᠷᠢᠭᠤᠴᠠᠭᠤᠯᠵᠤ᠂ ᠲᠦᠷᠢᠮ ᠲᠠᠢ᠂ ᠪᠠᠷᠢᠮᠵᠢᠶ᠎ᠠ ᠲᠠᠢ᠂ ᠵᠠᠷᠤᠳᠠᠯ ᠲᠠᠢ᠂ ᠬᠢᠨᠠᠯᠲᠠ ᠲᠠᠢ ᠣᠯᠠᠨ ᠡᠰᠢᠲᠦ ᠬᠠᠮᠢᠶᠠᠷᠤᠨ | ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ︔ ᠪᠠᠰᠠ ᠭᠤᠷᠪᠠᠳᠠᠬᠢ | ᠡᠲᠡᠭᠡᠳ ᠤᠨ ᠲᠤᠰᠬᠠᠶ ᠮᠡᠷᠭᠡᠵᠢᠯ ᠤᠨ ᠦᠶ᠋ᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠵᠤ᠂ ᠡᠷᠦᠬᠡ ᠶᠢᠨ | ᠵᠣᠷᠯᠣᠩ ᠤᠨ ᠪᠠᠭᠠᠰᠤᠨ ᠪᠣᠬᠢᠷᠲᠤᠯ ᠢ ᠬᠤᠷᠢᠶᠠᠨ ᠴᠤᠭᠯᠠᠭᠤᠯᠬᠤ᠂ ᠬᠠᠳᠠᠭᠠᠯᠠᠵᠤ ᠲᠡᠭᠡᠭᠡᠪᠦᠷᠢᠯᠡᠬᠦ ᠶᠢ | ᠰᠢᠶ᠋ᠳᠪᠦᠷᠢᠯᠡᠬᠦ ᠳᠤ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠵᠢᠷᠤᠮᠵᠢᠭᠤᠯᠤᠭᠰᠠᠨ ᠠᠵᠢᠯᠯᠠᠭᠠᠨ ᠢ | ᠶᠠᠪᠤᠭᠳᠠᠭᠤᠯᠵᠤ ᠪᠣᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠷᠠᠳ ᠤᠨ | ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠤᠭᠰᠠᠨ ᠤ ᠬᠤᠪᠢ ᠳᠤ᠂ ᠡᠯ᠎ᠡ ᠰᠤᠮᠤ ᠰᠢᠶᠠᠩ ᠪᠠᠯᠭᠠᠰᠤ ︵ | ᠬᠦᠷᠢᠶᠡᠯᠡᠩ ᠲᠣᠭᠤᠷᠢᠭ︶ ᠨᠢ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠬᠦ ᠠᠵᠢᠯ ᠢ ᠡᠯ᠎ᠡ ᠱᠠᠲᠤᠨ ᠤ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠢᠭᠤᠴᠠᠯᠭ᠎ᠠ ᠶᠢ ᠦᠨᠡᠨᠬᠦ ᠴᠢᠩᠭᠠᠷᠠᠭᠤᠯᠤᠨ᠂ ᠡᠭᠦᠷᠭᠡ ᠶᠢ | ᠨᠠᠷᠢᠯᠢᠬᠵᠢᠭᠤᠯᠤᠨ ᠬᠤᠪᠢᠶᠠᠷᠢᠯᠠᠵᠤ᠂ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ︵ᠬᠤᠶᠠᠷ︶ ᠣᠯᠠᠨ ᠲᠦᠮᠡᠨ ᠤ ᠵᠣᠷᠯᠣᠩ ᠢ ᠥᠭᠡᠷᠡᠴᠢᠯᠡᠬᠦ ᠢᠳᠡᠪᠬᠢᠵᠢᠯ ᠢ ᠳᠠᠶᠢᠴᠢᠯᠠᠨ᠎ᠠ᠃ ᠶᠠᠰᠤ ᠴᠢᠨᠠᠷ ᠢ | ᠲᠡᠷᠢᠭᠦᠨ ᠳᠤ ᠲᠠᠯᠪᠢᠬᠤ᠂ ᠪᠣᠳᠠᠲᠠᠢ ᠶᠢ ᠡᠷᠬᠢᠮᠯᠡᠨ ᠠᠬᠢᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠵᠢᠯ ᠢ | ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠲᠣᠭᠤᠰᠢᠯᠠᠭᠤᠯᠵᠦ᠂ ᠤᠯᠠᠨ ᠲᠦᠮᠡᠨ ᠳᠤ ᠵᠣᠷᠯᠣᠩ ᠢ ᠥᠭᠡᠷᠡᠴᠢᠯᠡᠬᠦ | ᠵᠣᠷᠢᠯᠭ᠎ᠠ᠂ ᠠᠴᠢ ᠬᠤᠯᠪᠣᠭᠳᠠᠯ ᠪᠠ ᠲᠦᠷᠦ ᠶᠢᠨ ᠪᠤᠳᠤᠯᠭ᠎ᠠ ᠶᠢ ᠭᠦᠢᠴᠡᠳ ᠮᠡᠳᠡᠭᠦᠯᠬᠦ ᠳᠤ ᠡᠷᠬᠡᠪᠰᠢ ᠤᠯᠠᠨ | ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠤᠯᠠᠨ ᠲᠦᠮᠡᠨ ᠤ ᠵᠣᠷᠯᠣᠩ ᠢ ᠥᠭᠡᠷᠡᠴᠢᠯᠡᠬᠦ ᠳᠤ | ᠣᠷᠣᠯᠴᠠᠬᠤ ᠤᠬᠠᠮᠰᠠᠷᠲᠤ ᠴᠢᠨᠠᠷ᠂ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠢ ᠳᠠᠶᠢᠴᠢᠯᠠᠬᠤ | ᠬᠡᠷᠡᠭᠲᠡᠢ᠃ | ︵ᠭᠤᠷᠪᠠ︶ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠢᠯᠡ | ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠥᠲᠥᠭᠡᠨ | ᠪᠠᠶᠢᠭᠤᠯᠤᠯᠲᠠ ᠶᠢᠨ ᠡᠬᠡ ᠲᠠᠩᠰᠠ ᠶᠢ ᠪᠠᠶᠢᠭᠤᠯᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠢ | ᠪᠠᠶᠢᠭᠤᠯᠤᠨ᠂ ︽ᠨᠢᠭᠡ ᠲᠣᠰᠬᠤᠨ ᠳᠤ ᠨᠢᠭᠡ ᠲᠠᠩᠰᠠ ᠡᠪᠬᠡᠮᠡᠯ︾ ᠢ ᠪᠡᠶᠡᠯᠡᠭᠦᠯᠵᠦ᠂ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ | ᠬᠥᠳᠡᠯᠦᠩᠭᠦᠶ ᠪᠠᠷ ᠡᠵᠡᠮᠰᠢᠵᠦ᠂ ᠵᠣᠷᠯᠣᠩ ᠢ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠡᠷᠦᠬᠡ ᠶᠢᠨ ᠵᠣᠷᠯᠣᠩ ᠤᠨ | ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠬᠤ ᠬᠡᠷᠡᠭᠲᠡᠶ᠃ ᠡᠯ᠎ᠡ ᠵᠦᠢᠯ ᠤᠨ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ᠂ | ᠠᠬᠢᠭᠤᠯᠬᠤ ᠲᠠᠰ ᠳᠠᠷᠠᠭᠠᠯᠠᠯ᠂ ᠪᠠᠯᠠ ᠮᠥᠩᠭᠦ ᠶᠢᠨ ᠬᠡᠷᠡᠭᠯᠡᠯᠲᠡ᠂ ᠲᠥᠬᠦᠭᠡᠷᠦᠮᠵᠢ ᠬᠤᠳᠠᠯᠳᠤᠨ ᠠᠪᠬᠤ᠂ | ᠦᠢᠯᠡᠴᠢᠯᠡᠬᠡᠨ ᠤ ᠠᠮᠠᠯᠠᠯᠲᠠ ᠵᠡᠷᠭᠡ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠢᠯᠡ ᠪᠣᠯᠭᠠᠨ᠎ᠠ᠃ | ︵ᠳᠥᠷᠪᠡ︶ ᠮᠠᠲ᠋ᠧᠷᠢᠶᠠᠯ ᠤᠨ ᠶᠠᠰᠤ ᠴᠢᠨᠠᠷ ᠢ ᠡᠵᠡᠮᠳᠡᠬᠦ ᠪᠠ ᠪᠠᠷᠢᠯᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢ | ᠴᠢᠩᠳᠠᠯᠠᠬᠤ ᠬᠡᠷᠡᠭᠲᠡᠶ᠃ ᠮᠠᠲ᠋ᠧᠷᠢᠶᠠᠯ ᠰᠣᠩᠭᠤᠬᠤ ᠶᠠᠰᠤ ᠴᠢᠨᠠᠷ ᠤᠨ ᠪᠠᠷᠢᠮᠵᠢᠶ᠎ᠠ ᠪᠠ ᠮᠡᠷᠭᠡᠵᠢᠯ ᠤᠨ ᠪᠣᠯᠵᠣᠯᠲᠤ | ᠲᠤᠭ᠎ᠠ ᠶᠢ ᠴᠢᠩᠭ᠎ᠠ ᠲᠣᠭᠲᠠᠭᠠᠵᠤ᠂ ᠶᠠᠰᠤ ᠴᠢᠨᠠᠷ ᠢᠶᠠᠷ ᠮᠠᠭᠤ ᠬᠢᠷᠢ ᠲᠡᠩᠴᠡᠭᠦ ᠥᠬᠡᠶ ᠦᠢᠯᠡᠳᠬᠦᠨ ᠢ ᠬᠡᠷᠡᠭᠯᠡᠬᠦ ᠶᠢ | ᠲᠠᠰᠤ ᠵᠣᠭᠰᠣᠭᠠᠵᠤ᠂ ᠪᠠᠷᠢᠯᠭ᠎ᠠ ᠶᠢᠨ ᠮᠠᠲ᠋ᠧᠷᠢᠶᠠᠯ ᠪᠠ ᠵᠣᠷᠯᠣᠩ ᠤᠨ ᠦᠢᠯᠡᠳᠬᠦᠨ ᠤ ᠪᠠᠬᠢᠯᠢᠭ᠌᠂ ᠪᠥᠬᠡᠯᠢᠭ᠂ | ᠪᠦᠲᠦᠴᠡ ᠶᠢᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠵᠤ᠂ ᠠᠷᠢᠭᠤᠨ ᠴᠡᠪᠡᠷ ᠪᠠ ᠡᠨᠧᠷᠭᠢ ᠠᠷᠪᠢᠯᠠᠵᠤ | ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠶ ᠪᠠᠶᠢᠯᠭᠠᠬᠤ ᠶᠢᠨ ᠬᠠᠮᠲᠤ ᠬᠠᠮᠢᠶ᠎ᠠ ᠪᠥᠬᠦᠶ ᠮᠡᠷᠭᠡᠵᠢᠯ ᠤᠨ | ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ | ᠪᠠᠷᠢᠯᠭ᠎ᠠ ᠶᠢᠨ ᠡᠩᠨᠡᠭᠡ ᠳᠤ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠪᠠᠷᠢᠯᠭ᠎ᠠ ᠶᠢᠨ ᠠᠵᠢᠯᠲᠠᠨ ᠨᠢ ᠵᠢᠷᠤᠭ ᠲᠥᠯᠥᠪᠯᠡᠭᠡ ᠶᠢᠨ ᠲᠥᠰᠦᠯ ᠤᠨ ᠪᠠᠷᠢᠮᠵᠢᠶ᠎ᠠ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠷᠯᠣᠩ ᠢ ᠥᠭᠡᠷᠡᠴᠢᠯᠡᠬᠦ ᠪᠤᠶᠤ ᠲᠤᠰᠬᠠᠶ ᠮᠡᠷᠭᠡᠵᠢᠯ ᠤᠨ ᠠᠵᠢᠯᠲᠠᠨ ᠤ | ᠵᠢᠯᠣᠭᠤᠳᠣᠯᠭ᠎ᠠ ᠳᠣᠤᠷ᠎ᠠ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ ᠬᠡᠷᠡᠭᠲᠡᠶ᠃ | ︵ᠲᠠᠪᠤ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠰᠠᠶᠢᠲᠤᠷ ᠬᠢᠬᠦ ᠬᠡᠷᠡᠭᠲᠡᠶ᠃ ᠰᠢᠯᠭᠠᠨ ᠠᠪᠬᠤ | ᠠᠵᠢᠯ ᠳᠤ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠪᠠᠷ ᠨᠢᠭᠡᠴᠢ ᠪᠣᠯᠭᠠᠵᠤ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠨᠢ ᠵᠣᠷᠯᠣᠩ ᠤᠨ ᠥᠭᠡᠷᠡᠴᠢᠯᠡᠯᠲᠡ ᠶᠢ ᠰᠢᠯᠭᠠᠨ ᠠᠪᠬᠤ ᠠᠵᠢᠯ ᠳᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠢᠯᠭᠠᠨ ᠠᠪᠬᠤ ᠠᠵᠢᠯ ᠢ ᠰᠤᠮᠤ ᠰᠢᠶᠠᠩ ᠪᠠᠯᠭᠠᠰᠤ ︵ | ᠬᠦᠷᠢᠶᠡᠯᠡᠩ ᠲᠣᠭᠤᠷᠢᠭ︶ ᠶᠢᠨ ᠥᠪᠡᠷ ᠢᠶᠠᠨ ᠰᠢᠯᠭᠠᠨ ᠪᠠᠶᠢᠴᠠᠭᠠᠬᠤ᠂ ᠬᠤᠰᠢᠭᠤ ᠰᠢᠶᠠᠨ ᠤ ᠳᠠᠬᠢᠨ ᠰᠢᠯᠭᠠᠨ | ᠪᠠᠶᠢᠴᠠᠭᠠᠬᠤ᠂ ᠬᠤᠲᠠ ᠶᠢᠨ ᠱᠠᠲᠤᠨ ᠤ ᠰᠤᠭᠤᠴᠢᠨ ᠰᠢᠯᠭᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ | ᠳᠠᠬᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠥᠷᠨᠢᠭᠦᠯᠦᠨ᠎ᠡ᠃ ᠣᠯᠠᠨ ᠲᠦᠮᠡᠨ ᠤ ᠬᠡᠷᠡᠭᠯᠡᠭᠰᠡᠨ ᠦᠷ᠎ᠡ ᠪᠦᠲᠦᠮᠵᠢ᠂ | ᠬᠠᠨᠤᠮᠵᠢ ᠶᠢᠨ ᠬᠡᠮᠵᠢᠶ᠎ᠡ ᠵᠡᠷᠭᠡ ᠶᠢ ᠰᠢᠯᠭᠠᠨ ᠠᠪᠬᠤ ᠭᠦᠶ᠋ᠴᠡᠳᠬᠡᠯ ᠲᠤᠭ᠎ᠠ ᠳᠤ ᠣᠷᠣᠭᠤᠯᠤᠨ᠎ᠠ᠃ ᠲᠠᠷᠢᠶᠠᠴᠢᠨ | ᠡᠷᠦᠭᠡ ᠰᠡᠳᠬᠢᠯ ᠬᠠᠨᠤᠮᠵᠢ ᠦᠭᠡᠢ ᠮᠥᠷᠲᠡᠭᠡᠨ ᠤᠴᠢᠷ ᠰᠢᠯᠲᠠᠭᠠᠨ ᠨᠢ ᠵᠦᠢ ᠵᠣᠬᠢᠰᠲᠠᠶ ᠪᠠᠶᠢᠪᠠᠯ᠂ ᠰᠢᠯᠭᠠᠨ | ᠠᠪᠬᠤ ᠳᠤ ᠬᠢᠷᠢ ᠲᠡᠩᠴᠡᠵᠦ ᠪᠣᠯᠬᠤ ᠦᠭᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠪᠠᠶᠢᠪᠠᠯ᠂ | ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠰᠠᠯᠭᠠᠨ ᠥᠭᠬᠦ ᠥᠬᠡᠶ᠃ | ︵ᠵᠢᠷᠭᠤᠭ᠎ᠠ︶ ᠵᠠᠯᠭᠠᠮᠵᠢ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠵᠣᠷᠯᠣᠩ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ | ᠵᠣᠬᠢᠬᠤ ᠰᠡᠯᠪᠢᠨ ᠵᠠᠰᠠᠬᠤ ᠦᠢᠯᠡᠴᠢᠯᠡᠬᠡᠨ ᠤ ᠰᠢᠰᠲ᠋ᠧᠮᠵᠢ ᠶᠢ ᠢᠵᠢ ᠪᠥᠷᠢᠳᠦᠭᠦᠯᠦᠨ ᠪᠠᠶᠢᠭᠤᠯᠬᠤ ᠬᠡᠷᠡᠭᠲᠡᠶ᠃ | ᠨᠢᠭᠡᠳᠦᠯᠲᠡᠶ ᠲᠥᠯᠥᠪᠵᠢᠭᠦᠯᠵᠦ᠂ ᠬᠠᠮᠢᠶᠠᠷᠴᠤ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠬᠤ ᠪᠤᠶᠤ ᠵᠢᠯᠣᠭᠤᠳᠤᠨ | ᠵᠣᠬᠢᠶᠠᠨ ᠪᠠᠶᠢᠭᠤᠯᠵᠤ᠂ ᠲᠠᠷᠢᠶᠠᠴᠢᠨ ᠡᠷᠦᠬᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠪᠠᠭᠠᠰᠤᠨ ᠪᠣᠬᠢᠷᠲᠤᠯ ᠢ | ᠴᠡᠪᠡᠷᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠠᠬ᠎ᠠ | ᠳᠡᠯᠭᠡᠭᠦᠷᠴᠢᠯᠡᠭᠰᠡᠨ ᠰᠡᠯᠪᠢᠨ ᠵᠠᠰᠠᠬᠤ ᠦᠢᠯᠡᠴᠢᠯᠡᠭᠡᠨ ᠤ ᠬᠦᠴᠦᠨ ᠢ ᠢᠳᠡᠪᠬᠢᠲᠡᠢ ᠪᠤᠶᠢᠵᠢᠭᠤᠯᠵᠤ᠂ | ᠲᠥᠬᠦᠭᠡᠷᠦᠮᠵᠢ ᠨᠢ ᠡᠪᠳᠡᠷᠡᠪᠡᠯ ᠵᠠᠰᠠᠬᠤ ᠬᠥᠮᠦᠨ ᠲᠠᠢ᠂ ᠬᠤᠭᠤᠯᠠᠢ ᠨᠢ ᠲᠦᠭᠵᠢᠷᠡᠪᠡᠯ ᠨᠡᠪᠲᠡᠷᠡᠬᠦ ᠬᠥᠮᠦᠨ ᠲᠠᠢ | ᠪᠠᠶᠢᠬᠤ ᠶᠢ ᠪᠡᠶᠡᠯᠡᠭᠦᠯᠵᠦ᠂ ᠵᠣᠷᠯᠣᠩ ᠢ ᠬᠡᠪ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠬᠡᠷᠡᠭᠯᠡᠬᠦ ᠪᠠ ᠬᠠᠮᠢᠶᠠᠷᠴᠤ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠢ ᠵᠢᠯᠣᠭᠤᠳᠤᠨ ᠬᠡᠷᠡᠭᠯᠡᠭᠴᠢ ᠶᠢᠨ | ᠵᠣᠷᠯᠣᠩ ᠢ ᠵᠥᠪ ᠣᠨᠣᠪᠴᠢᠲᠠᠶ ᠪᠠᠶᠢᠯᠭᠠᠵᠤ᠂ ᠡᠳᠦᠷ ᠲᠤᠲᠤᠮ ᠤᠨ ᠬᠠᠮᠠᠭᠠᠯᠠᠯᠲᠠ ᠶᠢᠨ ᠮᠡᠳᠡᠭᠡ ᠵᠠᠩᠭᠢ ᠶᠢ | ᠰᠠᠶᠢᠲᠤᠷ ᠣᠶᠢᠯᠠᠭᠠᠭᠤᠯᠵᠤ᠂ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠦᠬᠡ ᠶᠢᠨ | ᠵᠣᠷᠯᠣᠩ ᠢ ᠴᠡᠪᠡᠷᠯᠡᠬᠦ ᠪᠠ ᠪᠡᠯᠡᠳᠬᠡᠮᠵᠢ ᠶᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠤᠨ ᠰᠢᠢᠳᠪᠦᠷᠢᠯᠡᠯᠳᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠴᠢᠳᠬᠤᠬᠤ ᠶᠢ ᠴᠠᠭᠠᠵᠠᠯᠠᠵᠤ᠂ ᠲᠠᠷᠢᠶᠠᠴᠢᠨ ᠡᠷᠦᠬᠡ ᠶᠢᠨ | ᠥᠪᠡᠰᠦᠪᠡᠨ ᠣᠷᠭᠠᠨᠢᠭ ᠪᠣᠷᠲᠣᠭᠤᠷ ᠳᠡᠪᠲᠦᠭᠡᠬᠦ ᠶᠢ ᠵᠢᠯᠣᠭᠤᠳᠴᠤ᠂ ᠲᠠᠷᠢᠶᠠᠴᠢᠨ ᠡᠷᠦᠬᠡ ᠶᠢᠨ ᠪᠠᠭᠠᠰᠤ ᠰᠢᠭᠡᠰᠦ ᠶᠢ | ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠲᠥᠪ ᠲᠤ ᠵᠥᠭᠡᠭᠡᠪᠦᠷᠢᠯᠡᠨ ᠬᠦᠷᠭᠡᠵᠦ ᠲᠥᠪᠯᠡᠷᠡᠭᠦᠯᠦᠨ | ᠰᠢᠢᠳᠪᠦᠷᠢᠯᠡᠭᠰᠡᠨ ᠤ ᠳᠠᠷᠠᠭ᠎ᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠬᠤ ᠬᠡᠷᠡᠭᠲᠡᠶ᠃ | ︵ᠳᠣᠯᠤᠭ᠎ᠠ︶ ᠠᠵᠢᠯ ᠤᠨ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠤᠮᠤ | ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠬᠡᠷᠡᠭᠵᠢᠭᠦᠯᠬᠦ ᠠᠬᠢᠴᠠ ᠶᠢᠨ ᠬᠦᠰᠦᠨᠦᠭᠲᠦ ᠶᠢ ᠲᠣᠭᠲᠠᠭᠠᠨ | ᠬᠡᠷᠡᠭᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠨ᠂ | ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤᠨᠢ ᠢᠨᠵᠧᠨᠧᠷᠢᠩ ᠤᠨ ᠠᠬᠢᠴᠠ ᠶᠢ ᠬᠢᠨᠠᠨ | ᠵᠢᠯᠣᠭᠤᠳᠴᠤ᠂ ᠬᠠᠷᠠᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠵᠣᠷᠯᠣᠩ ᠢ | ᠥᠭᠡᠷᠡᠴᠢᠯᠡᠬᠦ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠠᠵᠢᠯ ᠥᠷᠨᠢᠭᠦᠯᠦᠨ᠎ᠡ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ |