| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ︵2021 — 2025 ᠣᠨ︶ ᠶᠢ ᠨᠠᠶᠢᠷᠠᠭᠤᠯᠤᠨ | ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠣᠰᠣᠭᠠᠷ᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ︵2021 — 2025 ᠣᠨ︶︾ ︵ᠳᠣᠷᠣᠭᠰᠢ ︽ | ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠨᠢᠭᠡᠨᠲᠡ ᠴᠤᠬᠤᠯᠠᠪᠤᠷᠢᠯᠠᠨ ᠵᠥᠪᠰᠢᠶᠡᠷᠡᠪᠡ᠂ ︽ᠲᠥᠯᠥᠪᠵᠢᠭᠦᠯᠭᠡ︾ ᠶᠢ ᠨᠡᠶᠢᠲᠡᠯᠡᠵᠦ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ | ᠮᠡᠳᠡᠭᠳᠡᠶ᠎ᠡ᠄ | ᠨᠢᠭᠡ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠬᠤ ᠬᠡᠷᠡᠭᠲᠡᠶ | ︽ᠲᠥᠯᠥᠪᠵᠢᠭᠦᠯᠭᠡ︾ ᠪᠣᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ᠂ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠯᠲᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ | ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢᠨ ᠴᠢᠬᠤᠯᠠ | ᠦᠨᠳᠦᠰᠦᠯᠡᠯ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠠᠭᠠᠯᠠᠬᠤ ᠶᠢ | ᠨᠢᠭᠡᠳᠦᠯᠲᠡᠶ ᠲᠥᠯᠥᠪᠯᠡᠬᠦ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠨᠡᠭᠡᠭᠡᠨ ᠬᠥᠭᠵᠢᠭᠦᠯᠦᠯᠲᠡ ᠶᠢ ᠳᠥᠯᠭᠢᠨ | ᠠᠬᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠨᠢᠭᠡᠴᠡ ᠨᠦᠭᠦᠳ ︽ᠲᠥᠯᠥᠪᠵᠢᠭᠦᠯᠭᠡ︾ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠬᠦ | ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠣᠭᠤᠰᠢᠯᠠᠭᠤᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ | ᠪᠠᠷᠢᠮᠲᠠᠯᠠᠵᠤ᠂ ᠠᠮᠢ ᠠᠬᠤᠶ ᠶᠢᠨ ᠬᠠᠯᠬᠠᠪᠴᠢ ᠶᠢ ᠡᠷᠡᠰ ᠢᠶᠠᠷ ᠰᠠᠬᠢᠨ ᠬᠠᠮᠠᠭᠠᠯᠠᠵᠤ᠂ ᠬᠠᠶᠢᠨ ᠪᠠᠶᠢᠴᠠᠭᠠᠵᠤ ᠨᠡᠭᠡᠭᠡᠨ | ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠦᠨ᠂ ᠡᠬᠢ ᠪᠠᠶᠠᠯᠢᠭ ᠢ ᠬᠠᠮᠠᠭᠠᠯᠠᠬᠤ ᠪᠠ ᠡᠷᠴᠢᠮᠵᠢᠭᠦᠯᠦᠨ ᠠᠰᠢᠭᠯᠠᠬᠤ ᠶᠢ | ᠴᠢᠩᠭᠠᠳᠬᠠᠵᠤ᠂ ᠬᠠᠶᠢᠷ ᠴᠢᠯᠠᠭᠤᠨ ᠤ ᠠᠭᠤᠷᠬᠠᠶ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠰᠠᠭᠤᠷᠢᠵᠢᠭᠤᠯᠬᠤ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠵᠠᠳᠠᠭᠠᠶ ᠠᠭᠤᠷᠬᠠᠶ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ | ᠪᠠᠭᠠᠰᠬᠠᠵᠤ᠂ ᠠᠭᠤᠷᠬᠠᠶ ᠶᠢᠨ ᠪᠣᠬᠢᠷᠲᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ᠬᠤᠶᠡᠷ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠤᠨ᠎ᠠ | ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠬᠠᠶᠢᠨ ᠪᠠᠶᠢᠴᠠᠭᠠᠬᠤ ᠶᠢ ᠬᠠᠷᠢᠶ᠎ᠠ | ᠣᠷᠣᠨ ᠤ ᠪᠠᠨ ᠬᠡᠪᠴᠢᠶᠡᠨ ᠳᠤ ᠬᠡᠷᠡᠭᠵᠢᠭᠦᠯᠬᠦ ᠶᠢ ᠢᠳᠡᠪᠬᠢᠲᠡᠶ ᠳᠡᠮᠵᠢᠬᠦ ᠪᠠ ᠬᠠᠮᠵᠢᠯᠴᠠᠨ᠂ ᠨᠡᠭᠡᠭᠡᠨ ᠠᠰᠢᠭᠯᠠᠬᠤ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ 2025 ᠣᠨ ᠪᠣᠯᠬᠤ ᠳᠤ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ | ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠤᠢ ᠪᠣᠯᠭᠠᠨ᠎ᠠ᠃ | ᠭᠤᠷᠪᠡ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠪᠠᠶᠢᠭᠤᠯᠤᠯᠭ᠎ᠠ ᠶᠢᠨ ᠬᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠲᠥᠯᠥᠪᠵᠢᠭᠦᠯᠭᠡ︾ ᠳᠤ ᠲᠣᠭᠲᠠᠭᠠᠭᠰᠠᠨ | ᠬᠠᠷᠠᠯᠲᠠ ᠪᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠬᠤᠪᠢᠶᠠᠨ ᠬᠠᠮᠢᠶᠠᠷᠬᠤ᠂ ᠶᠡᠷᠦᠩᠬᠡᠶ | ᠬᠡᠮᠵᠢᠶ᠎ᠡ ᠶᠢ ᠬᠢᠵᠠᠭᠠᠷᠯᠠᠬᠤ᠂ ᠨᠡᠭᠡᠭᠡᠨ ᠮᠠᠯᠲᠠᠬᠤ ᠶᠢ ᠵᠥᠪᠰᠢᠶᠡᠷᠡᠬᠦ ᠨᠥᠬᠦᠴᠡᠯ᠂ ᠠᠭᠤᠷᠬᠠᠶ ᠶᠢᠨ ᠨᠡᠭᠡᠭᠡᠨ ᠮᠠᠯᠲᠠᠬᠤ | ᠨᠠᠭᠠᠳᠤ ᠵᠠᠬ᠎ᠠ ᠶᠢᠨ ᠬᠡᠪᠴᠢᠶ᠎ᠡ ᠪᠠ ᠦᠢᠯᠡᠴᠢᠯᠡᠬᠦ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠶᠢᠨ ᠱᠠᠭᠠᠷᠳᠠᠯᠭ᠎ᠠ ᠵᠡᠷᠭᠡ | ᠲᠥᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠥᠯᠥᠪᠵᠢᠭᠦᠯᠭᠡ︾ ᠳᠤ ᠨᠡᠶᠢᠴᠡᠬᠦ ᠥᠭᠡᠢ ᠬᠠᠶᠢᠨ ᠪᠠᠶᠢᠴᠠᠭᠠᠬᠤ᠂ | ᠨᠡᠭᠡᠭᠡᠨ ᠮᠠᠯᠲᠠᠬᠤ ᠲᠥᠷᠥᠯ ᠵᠦᠢᠯ ᠳᠤ ᠠᠭᠤᠷᠬᠠᠶ ᠶᠢᠨ ᠠᠵᠤ ᠠᠬᠤᠶᠢᠯᠠᠯ ᠪᠠᠶᠢᠭᠤᠯᠬᠤ ᠶᠢ ᠵᠥᠪᠰᠢᠶᠡᠷᠡᠵᠦ ᠪᠣᠯᠬᠤ | ᠥᠭᠡᠢ᠂ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠬᠤᠳᠠᠯᠳᠤᠵᠤ ᠪᠣᠯᠬᠤ ᠥᠭᠡᠢ᠂ | ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠪᠠ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠢᠨᠠᠨ | ᠵᠥᠪᠰᠢᠶᠡᠷᠡᠵᠦ ᠣᠯᠭᠤᠵᠤ ᠪᠣᠯᠬᠤ ᠥᠭᠡᠢ᠂ ᠭᠠᠵᠠᠷ ᠬᠡᠷᠡᠭᠯᠡᠬᠦ ᠶᠢ ᠵᠥᠪᠰᠢᠶᠡᠷᠡᠵᠦ ᠪᠣᠯᠬᠤ ᠥᠭᠡᠢ︔ ᠡᠷᠬᠡᠪᠰᠢ ︽ | ᠲᠥᠯᠥᠪᠵᠢᠭᠦᠯᠭᠡ︾ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ | ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ | ᠬᠡᠷᠡᠭᠲᠡᠶ᠃ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠲᠥᠯᠥᠪᠵᠢᠭᠦᠯᠭᠡ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠠᠷᠠᠭᠤᠯᠬᠤ ᠪᠠ ᠪᠠᠶᠢᠴᠠᠭᠠᠨ | ᠰᠢᠢᠳᠪᠦᠷᠢᠯᠡᠵᠦ᠂ ︽ᠲᠥᠯᠥᠪᠵᠢᠭᠦᠯᠭᠡ︾ ᠶᠢᠨ ᠡᠷᠬᠡ ᠰᠦᠷ ᠢ ᠦᠨᠡᠨ ᠬᠦ ᠬᠠᠮᠠᠭᠠᠯᠠᠬᠤ ᠬᠡᠷᠡᠭᠲᠡᠶ᠃ ᠤᠬᠠᠭᠤᠯᠭ᠎ᠠ | ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠲᠥᠯᠥᠪᠵᠢᠭᠦᠯᠭᠡ ᠶᠢᠨ ᠦᠵᠡᠯ ᠤᠬᠠᠮᠰᠠᠷ ᠢᠶᠠᠨ | ᠴᠢᠩᠭᠠᠷᠠᠭᠤᠯᠤᠨ᠂ ᠲᠥᠯᠥᠪᠵᠢᠭᠦᠯᠭᠡ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠲᠥᠯᠥᠪᠵᠢᠭᠦᠯᠭᠡ ᠶᠢ | ᠤᠬᠠᠮᠰᠠᠷ ᠠᠴᠠ ᠪᠠᠨ ᠵᠢᠷᠤᠮᠯᠠᠨ ᠰᠠᠬᠢᠬᠤ᠂ ᠲᠥᠯᠥᠪᠵᠢᠭᠦᠯᠭᠡ ᠶᠢ ᠬᠡᠷᠡᠭᠵᠢᠭᠦᠯᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠦᠨᠡᠨᠬᠦ | ᠪᠠᠲᠤᠯᠠᠬᠤ ᠬᠡᠷᠡᠭᠲᠡᠶ᠃ | ᠳᠥᠷᠪᠡ᠂ ︽ᠲᠥᠯᠥᠪᠵᠢᠭᠦᠯᠭᠡ︾ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠳᠠᠷᠤᠮᠠᠯᠯᠠᠨ ᠲᠠᠷᠬᠠᠭᠠᠬᠤ ᠶᠢᠨ ᠬᠠᠮᠲᠤ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 2023 ᠣᠨ ᠤ 4 ᠰᠠᠷ᠎ᠠ ᠶᠢᠨ 28 ᠤ ᠡᠳᠣᠷ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | |