【 ᠦᠰᠦᠭ ᠪᠢᠴᠢᠭ ᠢᠶᠠᠷ ᠦᠬᠦᠯᠡᠬᠦᠢ】︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ︵2021 — 2025 ᠣᠨ︶︾ ᠶᠢ ᠨᠡᠶᠢᠲᠡᠯᠡᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2023/5/9
     ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ︵2021 — 2025 ᠣᠨ︶ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ︵2021 — 2025 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠨᠲᠡ ᠴᠤᠬᠤᠯᠠᠪᠤᠷᠢᠯᠠᠨ ᠵᠥᠪᠰᠢᠶᠡᠷᠡᠪᠡ᠂ ︽ᠲᠥᠯᠥᠪᠵᠢᠭᠦᠯᠭᠡ︾ ᠶᠢ ᠨᠡᠶᠢᠲᠡᠯᠡᠵᠦ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄     ᠨᠢᠭᠡ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ     ︽ᠲᠥᠯᠥᠪᠵᠢᠭᠦᠯᠭᠡ︾ ᠪᠣᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠠᠭᠠᠯᠠᠬᠤ ᠶᠢ ᠨᠢᠭᠡᠳᠦᠯᠲᠡᠶ ᠲᠥᠯᠥᠪᠯᠡᠬᠦ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠨᠡᠭᠡᠭᠡᠨ ᠬᠥᠭᠵᠢᠭᠦᠯᠦᠯᠲᠡ ᠶᠢ ᠳᠥᠯᠭᠢᠨ ᠠᠬᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ︽ᠲᠥᠯᠥᠪᠵᠢᠭᠦᠯᠭᠡ︾ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢᠨ ᠬᠠᠯᠬᠠᠪᠴᠢ ᠶᠢ ᠡᠷᠡᠰ ᠢᠶᠠᠷ ᠰᠠᠬᠢᠨ ᠬᠠᠮᠠᠭᠠᠯᠠᠵᠤ᠂ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠦᠨ᠂ ᠡᠬᠢ ᠪᠠᠶᠠᠯᠢᠭ ᠢ ᠬᠠᠮᠠᠭᠠᠯᠠᠬᠤ ᠪᠠ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠬᠠᠶᠢᠷ ᠴᠢᠯᠠᠭᠤᠨ ᠤ ᠠᠭᠤᠷᠬᠠᠶ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠰᠠᠭᠤᠷᠢᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠵᠠᠳᠠᠭᠠᠶ ᠠᠭᠤᠷᠬᠠᠶ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠠᠭᠤᠷᠬᠠᠶ ᠶᠢᠨ ᠪᠣᠬᠢᠷᠲᠤᠯ ᠥᠬᠡᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠬᠤᠶᠡᠷ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ      ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠬᠠᠶᠢᠨ ᠪᠠᠶᠢᠴᠠᠭᠠᠬᠤ ᠶᠢ ᠬᠠᠷᠢᠶ᠎ᠠ ᠣᠷᠣᠨ ᠤ ᠪᠠᠨ ᠬᠡᠪᠴᠢᠶᠡᠨ ᠳᠤ ᠬᠡᠷᠡᠭᠵᠢᠭᠦᠯᠬᠦ ᠶᠢ ᠢᠳᠡᠪᠬᠢᠲᠡᠶ ᠳᠡᠮᠵᠢᠬᠦ ᠪᠠ ᠬᠠᠮᠵᠢᠯᠴᠠᠨ᠂ ᠨᠡᠭᠡᠭᠡᠨ ᠠᠰᠢᠭᠯᠠᠬᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ 2025 ᠣᠨ ᠪᠣᠯᠬᠤ ᠳᠤ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠤᠢ ᠪᠣᠯᠭᠠᠨ᠎ᠠ᠃      ᠭᠤᠷᠪᠡ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂  ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠲᠥᠯᠥᠪᠵᠢᠭᠦᠯᠭᠡ︾ ᠳᠤ ᠲᠣᠭᠲᠠᠭᠠᠭᠰᠠᠨ ᠬᠠᠷᠠᠯᠲᠠ ᠪᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠬᠤᠪᠢᠶᠠᠨ ᠬᠠᠮᠢᠶᠠᠷᠬᠤ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠡᠭᠡᠭᠡᠨ ᠮᠠᠯᠲᠠᠬᠤ ᠶᠢ ᠵᠥᠪᠰᠢᠶᠡᠷᠡᠬᠦ ᠨᠥᠬᠦᠴᠡᠯ᠂ ᠠᠭᠤᠷᠬᠠᠶ ᠶᠢᠨ ᠨᠡᠭᠡᠭᠡᠨ ᠮᠠᠯᠲᠠᠬᠤ ᠨᠠᠭᠠᠳᠤ ᠵᠠᠬ᠎ᠠ ᠶᠢᠨ ᠬᠡᠪᠴᠢᠶ᠎ᠡ ᠪᠠ ᠦᠢᠯᠡᠴᠢᠯᠡᠬᠦ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠶᠢᠨ ᠱᠠᠭᠠᠷᠳᠠᠯᠭ᠎ᠠ ᠵᠡᠷᠭᠡ ᠲᠥᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠥᠯᠥᠪᠵᠢᠭᠦᠯᠭᠡ︾ ᠳᠤ ᠨᠡᠶᠢᠴᠡᠬᠦ ᠥᠭᠡᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠲᠥᠷᠥᠯ ᠵᠦᠢᠯ ᠳᠤ ᠠᠭᠤᠷᠬᠠᠶ ᠶᠢᠨ ᠠᠵᠤ ᠠᠬᠤᠶᠢᠯᠠᠯ ᠪᠠᠶᠢᠭᠤᠯᠬᠤ ᠶᠢ ᠵᠥᠪᠰᠢᠶᠡᠷᠡᠵᠦ ᠪᠣᠯᠬᠤ ᠥᠭᠡᠢ᠂ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠬᠤᠳᠠᠯᠳᠤᠵᠤ ᠪᠣᠯᠬᠤ ᠥᠭᠡᠢ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠪᠠ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠵᠦ ᠣᠯᠭᠤᠵᠤ ᠪᠣᠯᠬᠤ ᠥᠭᠡᠢ᠂ ᠭᠠᠵᠠᠷ ᠬᠡᠷᠡᠭᠯᠡᠬᠦ ᠶᠢ ᠵᠥᠪᠰᠢᠶᠡᠷᠡᠵᠦ ᠪᠣᠯᠬᠤ ᠥᠭᠡᠢ︔ ᠡᠷᠬᠡᠪᠰᠢ ︽ᠲᠥᠯᠥᠪᠵᠢᠭᠦᠯᠭᠡ︾ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠠᠷᠠᠭᠤᠯᠬᠤ ᠪᠠ ᠪᠠᠶᠢᠴᠠᠭᠠᠨ ᠰᠢᠢᠳᠪᠦᠷᠢᠯᠡᠵᠦ᠂ ︽ᠲᠥᠯᠥᠪᠵᠢᠭᠦᠯᠭᠡ︾ ᠶᠢᠨ ᠡᠷᠬᠡ ᠰᠦᠷ ᠢ ᠦᠨᠡᠨ ᠬᠦ ᠬᠠᠮᠠᠭᠠᠯᠠᠬᠤ ᠬᠡᠷᠡᠭᠲᠡᠶ᠃ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠲᠥᠯᠥᠪᠵᠢᠭᠦᠯᠭᠡ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠥᠯᠥᠪᠵᠢᠭᠦᠯᠭᠡ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠲᠥᠯᠥᠪᠵᠢᠭᠦᠯᠭᠡ ᠶᠢ ᠤᠬᠠᠮᠰᠠᠷ ᠠᠴᠠ ᠪᠠᠨ ᠵᠢᠷᠤᠮᠯᠠᠨ ᠰᠠᠬᠢᠬᠤ᠂ ᠲᠥᠯᠥᠪᠵᠢᠭᠦᠯᠭᠡ ᠶᠢ ᠬᠡᠷᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃      ᠳᠥᠷᠪᠡ᠂ ︽ᠲᠥᠯᠥᠪᠵᠢᠭᠦᠯᠭᠡ︾ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠳᠠᠷᠤᠮᠠᠯᠯᠠᠨ ᠲᠠᠷᠬᠠᠭᠠᠬᠤ ᠶᠢᠨ ᠬᠠᠮᠲᠤ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃                            ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ           ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号